ᠰᠣᠷᠪᠣᠯᠵᠢ ᠪᠢᠴᠢᠭ ᠤᠨ ᠪᠠᠷᠢᠮᠳᠠᠳᠤ ᠹᠢᠯᠢᠮ ︽ᠵᠢᠨᠢᠩ ᠤᠨ ᠲᠠᠶᠢᠯᠠᠯᠳᠤᠭᠠᠨ︾᠎ ᠢ ᠪᠡᠭᠡᠵᠢᠩ ᠳᠤ ᠰᠡᠭᠦᠳᠡᠷᠯᠡᠵᠤ ᠡᠬᠢᠯᠡᠯ᠎ᠠ  ᠪᠥ᠋ ᠰᠢᠶᠤᠤ ᠯᠢᠨ ᠤᠷᠤᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2018/10/17
     10 ᠳ᠋ᠤᠭᠠᠷ ᠰᠠᠷ᠎ᠠ ᠶᠢᠨ 16᠎ ᠤ ᠡᠳᠦᠷ᠂ ᠰᠤᠷᠪᠤᠯᠵᠢ ᠪᠢᠴᠢᠭ ᠤᠨ ᠪᠠᠷᠢᠮᠳᠠᠳᠤ ᠹᠢᠯᠢᠮ ︽ᠵᠢᠨᠢᠩ ᠤᠨ ᠲᠠᠶᠢᠯᠠᠯᠳᠤᠭᠠᠨ︾᠎ ᠢ ᠪᠡᠭᠡᠵᠢᠩ ᠳᠤ ᠰᠡᠭᠦᠳᠡᠷᠯᠡᠵᠤ ᠡᠬᠢᠯᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠤᠨ ᠦᠨᠳᠦᠰᠦᠳᠡᠨ ᠤ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠲᠠᠷᠤᠭ᠎ᠠ ᠾᠧ ᠯᠢ ᠮᠢᠩ᠂ ᠲᠤᠮᠳᠠᠳᠤ ᠤᠯᠤᠰ ᠤᠨ ᠴᠡᠷᠢᠭ ᠤᠨ ᠶᠠᠪᠤᠳᠠᠯ ᠤᠨ ᠰᠤᠶᠤᠯ ᠤᠨ ᠰᠤᠳᠤᠯᠭᠠᠨ ᠤ ᠨᠡᠶᠢᠭᠡᠮᠯᠢᠭ ᠤᠨ ᠲᠠᠷᠤᠭ᠎ᠠ ᠴᠧᠩ ᠪᠤᠤ ᠱᠠᠨ ᠲᠤᠰ ᠲᠤᠰ ᠶᠠᠷᠢᠶ᠎ᠠ ᠲᠠᠯᠪᠢᠭᠰᠠᠨ ᠪᠦᠬᠡᠳ ᠲᠤᠰ ᠹᠢᠯᠢᠮ ᠤᠨ ᠰᠡᠭᠦᠳᠡᠷᠯᠡᠭᠦ ᠮᠠᠰᠢᠨ ᠢ ᠰᠡᠭᠦᠪᠡ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠵᠢᠨᠢᠩ ᠤᠨ ᠲᠠᠶᠢᠯᠠᠯᠳᠤᠭᠠᠨ ᠪᠤᠯ ᠲᠤᠮᠳᠠᠳᠤ ᠤᠯᠤᠰ ᠤᠨ ᠬᠤᠪᠢᠰᠬᠠᠯ ᠤᠨ ᠲᠡᠤᠭᠡᠨ ᠳᠠᠬᠢ ᠬᠤᠪᠤᠷ ᠨᠠᠨᠳᠢᠨ ᠦᠪ ᠬᠦᠷᠦᠩᠭᠡ ᠪᠤᠯᠤᠨ᠎ᠠ᠂ ᠪᠢᠳᠡ ᠡᠭᠦᠨ ᠢ ᠮᠦᠩᠭᠡ ᠲᠤᠷᠠᠰᠬᠠᠵᠤ ᠡᠨᠡ ᠬᠡᠰᠡᠭ ᠬᠤᠪᠢᠰᠬᠠᠯ ᠤᠨ ᠲᠡᠤᠭᠡ ᠶᠢ ᠪᠦᠷᠢᠨ ᠪᠦᠳᠦᠨ ᠲᠡᠮᠳᠡᠭᠯᠡᠵᠤ᠂ ᠦᠷᠡᠭᠳᠡᠭᠰᠡᠨ ᠪᠠᠭᠠᠳᠤᠷᠴᠤᠳ ᠢᠶᠠᠨ ᠲᠠᠶᠢᠳᠬᠤᠷᠠᠭᠤᠯᠬᠤ ᠴᠢᠬᠤᠯᠠᠳᠠᠢ᠃ ᠶᠡᠷᠦᠩᠬᠡᠢ ᠱᠦᠵᠢ ᠰᠢ ᠶᠢᠨ ᠫᠢᠩ ᠤᠨ ︽ᠬᠤᠪᠢᠰᠬᠠᠯ ᠎ ᠤᠨ ᠡᠬᠢ ᠪᠠᠶᠠᠯᠢᠭ ᠢ ᠰᠠᠶᠢᠳᠤᠷ ᠠᠰᠢᠬᠯᠠᠵᠤ᠂ ᠬᠤᠪᠢᠰᠬᠠᠯ ᠤᠨ ᠤᠯᠠᠮᠵᠢᠯᠠᠯ ᠢ ᠰᠠᠶᠢᠳᠤᠷ ᠪᠠᠳᠠᠷᠠᠭᠤᠯᠵᠦ᠂ ᠬᠤᠪᠢᠰᠬᠠᠯᠳᠦ ᠤᠳᠤᠮᠰᠢᠯ ᠢ ᠰᠠᠶᠢᠳᠤᠷ ᠵᠠᠯᠭᠠᠮᠵᠢᠯᠠᠬᠤ ᠬᠡᠷᠡᠭᠳᠡᠢ︾ ᠬᠡᠭᠦ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠬᠤ ᠶᠢᠨ ᠬᠠᠮᠳᠤ ᠪᠤᠳᠠᠳᠤ ᠠᠵᠢᠯᠯᠠᠭ᠎ᠠ ᠳᠠᠭᠠᠨ ᠨᠡᠶᠢᠳᠡᠪᠦᠷᠢᠵᠢᠭᠤᠯᠵᠤ᠂ ᠡᠪ ᠬᠠᠮᠳᠤᠴᠤᠳ ᠤᠨ ᠬᠤᠪᠢᠰᠬᠠᠯᠳᠦ ᠲᠡᠮᠡᠴᠡᠯ ᠤᠨ ᠦᠢᠯᠡᠳᠦᠯᠭᠡ ᠪᠤᠯᠤᠨ ᠡᠷᠡᠯᠬᠡᠭ ᠪᠠᠭᠠᠳᠤᠷᠯᠢᠭ᠂ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠬᠤ ᠵᠤᠷᠢᠭ ᠰᠠᠨᠠᠭ᠎ᠠ ᠶᠢ ᠤᠯᠠᠨ ᠵᠦᠢᠯ ᠤᠨ ᠬᠡᠯᠪᠡᠷᠢ ᠪᠠᠶᠢᠳᠠᠯ ᠢᠶᠠᠷ ᠢᠯᠡᠷᠠᠭᠦᠯᠤᠨ᠂ ᠤᠯᠠᠨ ᠢ ᠬᠦᠮᠦᠵᠢᠭᠦᠯᠵᠤ᠂ ᠡᠨᠡ ᠬᠦ ᠬᠢᠯᠪᠠᠷ ᠪᠤᠰᠤ ᠪᠠᠷ ᠢᠷᠡᠭᠰᠡᠨ ᠬᠤᠪᠢᠰᠬᠠᠯ ᠤᠨ ᠦᠷ᠎ᠠ ᠪᠦᠳᠦᠭᠡᠯ ᠢ ᠬᠤᠪᠢ ᠲᠠᠬᠢᠨ ᠢᠶᠠᠷ ᠨᠠᠨᠳᠢᠩᠨᠠᠵᠤ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠦᠷᠭᠦᠯᠵᠢᠯᠡᠨ ᠲᠡᠮᠡᠴᠡᠭᠦ ᠬᠡᠷᠡᠭᠳᠡᠢ ᠬᠡᠵᠠᠢ᠃      ᠲᠡᠤᠭᠡᠨ ᠳᠠᠬᠢ ᠵᠢᠨᠢᠩ ᠤᠨ ᠲᠠᠶᠢᠯᠠᠯᠳᠤᠭᠠᠨ ᠪᠤᠯ 1946 ᠣᠨ ᠤ 1 ᠳ᠋ᠦ᠋ᠭᠡᠷ ᠰᠠᠷ᠎ᠠ  ᠠᠴᠠ 1948 ᠣᠨ ᠎ ᠤ 9 ᠳ᠋ᠦ᠋ᠭᠡᠷ ᠰᠠᠷ᠎ᠠ ᠪᠣᠯᠲᠠᠯ᠎ᠠ᠂ ᠲᠤᠬᠠᠢ ᠶᠢᠨ ᠦᠶ᠎ᠠ ᠶᠢᠨ ᠰᠦᠢᠶᠤᠸᠠᠨ ᠤᠷᠤᠨ ᠳᠤ ᠡᠭᠦᠰᠦᠭᠰᠡᠨ ᠲᠤᠮᠳᠠᠳᠤ ᠤᠯᠤᠰ ᠎ ᠤᠨ ᠡᠪ ᠬᠠᠮᠳᠤ ᠨᠠᠮ ᠪᠤᠯᠤᠨ ᠲᠤᠮᠳᠠᠳᠤ ᠤᠯᠤᠰ ᠤᠨ ᠭᠤᠮᠢᠨᠳᠠᠩ ᠤᠨ ᠬᠤᠭᠤᠷᠤᠨᠳᠤᠬᠢ ᠵᠢᠨᠢᠩ ᠢ ᠪᠤᠯᠢᠶᠠᠯᠳᠤᠬᠤ ᠲᠠᠶᠢᠯᠠᠯᠳᠤᠭᠠᠨ᠂ ᠳ᠋ᠠᠲ᠋ᠥ᠋ᠩ — ᠵᠢᠨᠢᠩ ᠤᠨ ᠲᠠᠶᠢᠯᠠᠯᠳᠤᠭᠠᠨ ᠪᠠ ᠵᠢᠨᠢᠩ ᠤᠨ ᠴᠢᠯᠦᠭᠡᠯᠡᠯᠳᠡ ᠶᠢᠨ ᠲᠠᠶᠢᠨ ᠪᠤᠯᠤᠨ᠎ᠠ᠂ ᠲᠡᠤᠭᠡᠨ ᠲᠡᠭᠡᠷ᠎ᠠ ᠡᠨᠡ ᠭᠤᠷᠪᠠᠨ ᠨᠡᠯᠢᠶᠡᠳ ᠶᠡᠭᠡ ᠬᠡᠪᠴᠢᠶᠡᠨ ᠤ ᠲᠠᠶᠢᠯᠠᠯᠳᠤᠭᠠᠨ ᠢ ᠵᠢᠨᠢᠩ ᠤᠨ ᠲᠠᠶᠢᠯᠠᠯᠳᠤᠭᠠᠨ ᠬᠡᠳᠡᠭ᠃ ᠲᠠᠶᠢᠯᠠᠯᠳᠤᠭᠠᠨ ᠤ ᠲᠠᠷᠠᠭ᠎ᠠ᠂ ᠵᠢᠨᠢᠩ ᠳᠤ ᠲᠠᠬᠢᠨ ᠲᠠᠶᠢᠨ ᠡᠭᠦᠰᠦᠭᠰᠡᠨ ᠦᠭᠡᠢ᠂ ᠡᠩᠭᠡ ᠲᠠᠶᠢᠪᠤᠩ ᠮᠦᠡᠭᠬᠡ ᠰᠠᠭᠠᠳᠠᠵᠠᠢ᠃ ᠵᠢᠨᠢᠩ ᠤᠨ ᠲᠠᠶᠢᠯᠠᠯᠳᠤᠭᠠᠨ ᠨᠢ ᠦᠪᠤᠷ ᠮᠤᠩᠭᠤᠯ ᠤᠨ ᠴᠢᠯᠦᠭᠡᠯᠡᠯᠳᠡ ᠶᠢᠨ ᠲᠠᠶᠢᠨ ᠤ ᠲᠡᠤᠭᠡᠨ ᠳᠤ ᠬᠡᠷᠡᠯ ᠰᠠᠴᠤᠷᠠᠩᠭᠤᠢ ᠬᠠᠭᠤᠳᠠᠰᠦ ᠶᠢ ᠦᠯᠡᠳᠡᠬᠡᠭᠰᠡᠨ ᠪᠦᠭᠡᠳ ᠪᠠᠰᠠ ᠲᠤᠮᠳᠠᠳᠤ ᠤᠯᠤᠰ ᠎ ᠤᠨ ᠬᠤᠪᠢᠰᠬᠠᠯ ᠤᠨ ᠲᠡᠤᠭᠡᠨ ᠲᠡᠭᠡᠷ᠎ᠠ ᠲᠤᠮᠤᠬᠳᠦ ᠬᠠᠭᠤᠳᠠᠰᠦ ᠶᠢ ᠪᠢᠴᠢᠭᠯᠡᠭᠰᠡᠨ ᠪᠠᠶᠢᠨ᠎ᠠ᠃ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 69 ᠵᠢᠯ ᠤᠨ ᠤᠢ ᠪᠠ ᠵᠢᠨᠢᠩ ᠢ ᠴᠢᠯᠦᠭᠡᠯᠡᠭᠰᠡᠨ 70 ᠵᠢᠯ ᠤᠨ ᠤᠢ ᠶᠢᠨ ᠲᠠᠰᠢᠷᠠᠮ ᠳᠤ᠂ ᠤᠯᠠᠭᠠᠨᠴᠠᠪ ᠬᠤᠳᠠ ᠤᠯᠠᠨ ᠰᠠᠯᠠᠭ᠎ᠠ ᠮᠦᠴᠢᠷ ᠲᠠᠢ ᠬᠤᠯᠪᠤᠭᠠᠯᠠᠵᠤ ᠪᠠᠶᠢᠭᠠᠳ ᠰᠤᠷᠪᠤᠯᠵᠢ ᠪᠢᠴᠢᠭ ᠎ ᠤᠨ ᠪᠠᠷᠢᠮᠳᠠᠳᠤ ᠹᠢᠯᠢᠮ ︽ᠵᠢᠨᠢᠩ ᠤᠨ ᠲᠠᠶᠢᠯᠠᠯᠳᠤᠭᠠᠨ︾᠎ ᠢ ᠦᠢᠯᠡᠳᠭᠦ ᠪᠠᠷ ᠪᠤᠯᠵᠠᠢ᠃ ᠲᠤᠰ ᠹᠢᠯᠢᠮ ᠳᠤᠤᠷᠤᠰᠢᠯ᠂ ᠲᠤᠶᠢᠯ ᠤᠨ ᠲᠦᠭᠰᠢᠭᠦᠷᠢᠳᠠᠢ ᠦᠶ᠎ᠡ ᠳᠤ᠂ ᠬᠡᠨᠡᠳᠳᠡ ᠶᠢᠨ ᠬᠤᠪᠢᠷᠠᠯᠳᠠ᠂ ᠬᠠᠷᠢᠯᠴᠠᠨ ᠲᠡᠮᠡᠴᠡᠯᠲᠥᠭᠰᠡᠨ ᠨᠢ᠂ ᠲᠡᠭᠦᠰᠭᠡᠯ ᠬᠡᠭᠦ ᠲᠠᠪᠤᠨ ᠬᠡᠰᠡᠭ ᠢᠶᠠᠷ ᠪᠦᠷᠢᠯᠳᠦᠵᠤ᠂ ᠲᠡᠭᠡᠳᠦ ᠲᠤᠮᠳᠠ ᠲᠤᠤᠷᠠᠳᠤ ᠭᠤᠷᠪᠠᠨ ᠪᠦᠯᠦᠭ ᠢᠶᠠᠷ ᠵᠢᠨᠢᠩ ᠤᠨ ᠲᠠᠶᠢᠯᠠᠯᠳᠤᠭᠠᠨ ᠨᠢ ᠦᠪᠤᠷ ᠮᠤᠩᠭᠤᠯ ᠤᠨ ᠴᠢᠯᠦᠭᠡᠯᠡᠯᠳᠡ ᠶᠢᠨ ᠲᠠᠶᠢᠨ ᠤ ᠲᠡᠤᠭᠡᠨ ᠳᠤ ᠬᠡᠷᠡᠯ ᠰᠠᠴᠤᠷᠠᠩᠭᠤᠢ ᠬᠠᠭᠤᠳᠠᠰᠦ ᠶᠢ ᠦᠯᠡᠳᠡᠬᠡᠭᠰᠡᠨ ᠪᠦᠭᠡᠳ ᠪᠠᠰᠠ ᠲᠤᠮᠳᠠᠳᠤ ᠤᠯᠤᠰ ᠤᠨ ᠬᠤᠪᠢᠰᠬᠠᠯ ᠤᠨ ᠲᠡᠤᠭᠡᠨ ᠲᠡᠭᠡᠷ᠎ᠠ ᠲᠤᠮᠤᠬᠳᠦ ᠬᠠᠭᠤᠳᠠᠰᠦ ᠶᠢ ᠪᠢᠴᠢᠭᠯᠡᠭᠰᠡᠨ ᠪᠠᠶᠢᠨ᠎ᠠ᠃      ᠰᠡᠭᠦᠳᠡᠷᠯᠡᠨ ᠦᠢᠯᠡᠳᠭᠦ ᠲᠤᠭᠤᠶᠢᠯᠠᠩ ᠤᠨ ᠬᠢᠨ ᠵᠢᠨᠢᠩ ᠤᠨ ᠲᠠᠶᠢᠯᠠᠯᠳᠤᠭᠠᠨ ᠤ ᠲᠤᠷᠠᠰᠬᠠᠯ ᠤᠨ ᠬᠦᠷᠢᠶᠡᠯᠡᠩ᠂ ᠵᠢᠨᠢᠩ ᠭᠠᠯᠳᠤ ᠲᠡᠷᠭᠡᠨ ᠦᠷᠳᠡᠭᠡ ᠶᠢᠨ ᠤᠰᠤᠨ ᠴᠠᠮᠬᠠᠭ᠂ ᠵᠢᠨᠢᠩ ᠭᠤᠯᠢᠷ ᠤᠨ ᠦᠢᠯᠡᠳᠪᠦᠷᠢ ᠶᠢᠨ ᠶᠠᠫᠤᠨ ᠤ ᠪᠠᠷᠢᠯᠭ᠎ᠠ ᠶᠢᠨ ᠭᠤᠤᠯ ᠠᠰᠠᠷ ᠤᠨ ᠪᠠᠭᠤᠷᠢ᠂ ᠾᠧ ᠯᠦᠩ ᠤᠨ ᠬᠤᠪᠢᠰᠬᠠᠯᠳᠦ ᠠᠵᠢᠯᠯᠠᠭ᠎ᠠ ᠶᠢᠨ ᠪᠠᠭᠤᠷᠢ᠂ ᠰᠦᠢᠶᠤᠸᠠᠨ ᠦᠪᠦᠷ ᠮᠤᠩᠭᠤᠯ ᠤᠨ ᠬᠤᠪᠢᠰᠬᠠᠯ ᠤᠨ ᠲᠤᠷᠠᠰᠬᠠᠯ ᠤᠨ ᠬᠦᠷᠢᠶᠡᠯᠡᠩ᠂ ᠵᠦᠸᠧᠽᠢ ᠰᠢᠶᠠᠨ ᠳᠠᠬᠢ ᠾᠧ ᠯᠦᠩ ᠤᠨ ᠵᠢᠯᠤᠭᠤᠳᠬᠤ ᠭᠠᠵᠠᠷ ᠤᠨ ᠪᠠᠭᠤᠷᠢ ᠵᠡᠷᠭᠡ ᠭᠠᠵᠠᠷ ᠢᠶᠠᠷ ᠬᠦᠨᠵᠡᠭᠡᠶᠢᠷᠡᠵᠤ ᠰᠡᠭᠦᠳᠡᠷᠯᠡᠭᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号