ᠮᠠᠨ ᠤ ᠣᠷᠣᠨ 2018 ᠣᠨ ᠤ ᠳᠡᠯᠡᠬᠡᠶ ᠶᠢᠨ ᠠᠮᠤ ᠪᠤᠳᠠᠭᠠᠨ ᠤ ᠡᠳᠦᠷ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠲᠣᠬᠠᠢ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2018/10/17
     10 ᠳ᠋ᠤᠭᠠᠷ ᠰᠠᠷ᠎ᠠ ᠶᠢᠨ 16᠎ ᠤ ᠡᠳᠦᠷ᠂ ᠮᠠᠨ ᠤ ᠣᠷᠣᠨ ᠤ ᠳᠡᠯᠡᠬᠡᠶ ᠶᠢᠨ ᠠᠮᠤ ᠪᠤᠳᠠᠭᠠᠨ ᠤ ᠡᠳᠦᠷ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠰᠢᠷᠢᠰ ᠤᠬᠠᠭᠤᠯᠭ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠪᠤᠭᠤᠲᠤ ᠬᠤᠲᠠ ᠳᠤ ᠪᠣᠯᠵᠠᠢ᠂ ᠪᠦᠬᠦ ᠣᠷᠣᠨ ᠤ ᠡᠯ᠎ᠡ ᠭᠠᠵᠠᠷ ︽ᠠᠮᠤ ᠪᠤᠳᠠᠭᠠᠨ ᠤ ᠠᠮᠤᠷ ᠲᠦᠪᠰᠢᠨ ᠤ ᠣᠳᠣ︾᠎ ᠶᠢᠨ ᠠᠳᠠᠯᠢᠳᠬᠠᠨ ᠰᠢᠯᠭᠠᠷᠠᠭᠤᠯᠤᠯᠲᠠ ᠶᠢ ᠨᠡᠶᠢᠲᠡᠯᠡᠬᠦ᠂ ᠥᠪᠥᠷ ᠮᠣᠩᠭᠤᠯ ᠤᠨ ᠴᠢᠨᠠᠷ ᠰᠠᠶᠢᠲᠠᠶ ᠠᠮᠤ ᠲᠣᠰᠣ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ ᠶᠡᠭᠡ ᠪᠠᠷ ᠰᠤᠷᠪᠤᠯᠵᠢᠯᠠᠬᠤ ᠶᠡᠭᠡ ᠪᠠᠷ ᠪᠠᠶᠢᠴᠠᠭᠠᠨ ᠰᠤᠳᠤᠯᠬᠤ ᠶᠡᠭᠡ ᠪᠠᠷ ᠤᠬᠠᠭᠤᠯᠬᠤ ᠵᠡᠷᠭᠡ ᠰᠢᠷᠢᠰ ᠠᠵᠢᠯᠯᠠᠭ᠎ᠠ ᠶᠢ ᠵᠡᠷᠭᠡ ᠪᠠᠷ ᠦᠷᠨᠢᠭᠦᠯᠦᠨ᠂ ᠬᠥᠮᠥᠰ ᠲᠤ ᠠᠮᠤ ᠪᠤᠳᠠᠭᠠᠨ ᠤ ᠠᠮᠤᠷ ᠲᠦᠪᠰᠢᠨ ᠢ ᠴᠢᠬᠤᠯᠠᠴᠢᠯᠠᠭᠤᠯᠵᠤ᠂ ᠨᠡᠶᠢᠭᠡᠮ ᠳᠠᠶᠠᠭᠠᠷ ᠢᠶᠠᠷ ᠢᠶᠠᠨ ᠠᠮᠤ ᠪᠤᠳᠠᠭ᠎ᠠ ᠶᠢ ᠭᠠᠮᠨᠠᠨ ᠠᠷᠪᠢᠯᠠᠬᠤ ᠰᠠᠶᠢᠨ ᠰᠠᠶᠢᠬᠠᠨ ᠬᠡᠪ ᠰᠤᠷᠲᠠᠯ ᠲᠠᠢ ᠪᠣᠯᠬᠤ ᠶᠢ ᠰᠠᠨᠠᠭᠠᠴᠢᠯᠠᠵᠠᠢ᠃      ᠮᠠᠨ ᠤ ᠣᠷᠣᠨ ᠪᠣᠯ ᠪᠦᠬᠦ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠠ ᠠᠮᠤ ᠪᠤᠳᠠᠭ᠎ᠠ ᠶᠢ ᠭᠠᠳᠠᠭᠰᠢ ᠭᠠᠷᠭᠠᠬᠤ 6 ᠮᠤᠵᠢ ᠣᠷᠣᠨ ᠤ ᠨᠢᠭᠡ ᠨᠢ ᠶᠤᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠮᠤ ᠪᠤᠳᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠳᠡᠭ᠃ ᠤᠢᠢᠷ᠎ᠠ ᠶᠢᠨ ᠵᠢᠯ ᠳᠤ᠂ ᠮᠠᠨ ᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 550 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠤᠨ᠂ ᠵᠢᠯ ᠪᠦᠷᠢ ᠤᠯᠤᠰ ᠲᠤ 200 ᠳ᠋ᠦᠩᠰᠢᠭᠤᠷ ᠵᠢᠩ ᠠᠴᠠ ᠳᠡᠭᠡᠭᠰᠢ ᠲᠠᠸᠠᠷ ᠤᠨ ᠠᠮᠤ ᠪᠤᠳᠠᠭ᠎ᠠ ᠬᠠᠩᠭᠠᠵᠤ᠂ ᠠᠮᠤ ᠪᠤᠳᠠᠭᠠᠨ ᠤ ᠨᠥᠭᠡᠴᠡᠯᠡᠯ ᠡᠯᠪᠡᠭ᠂ ᠰᠠᠭᠤᠷᠢ ᠪᠡᠯᠡᠳᠬᠡᠮᠵᠢ ᠠᠯᠬᠤᠮ ᠠᠯᠬᠤᠮ ᠢᠶᠠᠷ ᠪᠦᠷᠢᠨᠰᠢᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠂ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠯᠠᠪᠳᠠᠭᠤᠨ ᠪᠥᠭᠡᠳ ᠬᠦᠴᠦᠲᠡᠶ ᠪᠠᠶᠢᠵᠤ᠂ ᠠᠮᠤ ᠪᠤᠳᠠᠭᠠᠨ ᠤ ᠬᠠᠩᠭᠠᠯᠭ᠎ᠠ ᠪᠣᠯᠣᠨ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠨ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠲᠤᠯᠭᠠᠭᠤᠷᠢᠯᠠᠬᠤ ᠳᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠪᠦᠬᠦ ᠣᠷᠣᠨ ᠤ ᠡᠯ᠎ᠡ ᠭᠠᠵᠠᠷ ᠣᠷᠣᠨ ᠠᠮᠤ ᠪᠤᠳᠠᠭᠠᠨ ᠤ ᠠᠮᠤᠷ ᠲᠦᠪᠰᠢᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠪᠥᠬᠦ ᠣᠷᠣᠨ ᠤ ᠡᠯ᠎ᠡ ᠲᠠᠯ᠎ᠠ ᠶᠢᠨ ᠬᠢᠨ ᠳᠤ ᠲᠦᠰᠢᠭᠯᠡᠨ᠂ ᠠᠮᠤ ᠪᠤᠳᠠᠭᠠᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︔ ᠪᠣᠬᠢᠷᠲᠤᠯ ᠦᠬᠡᠢ ᠴᠢᠨᠠᠷᠯᠢᠭ ᠠᠮᠤ ᠪᠤᠳᠠᠭᠠᠨ ᠤ ᠪᠦᠲᠦᠭᠡᠭᠳᠡᠬᠦᠨ ᠤ ᠬᠠᠩᠭᠠᠯᠭ᠎ᠠ ᠶᠢ ᠬᠦᠴᠦᠯᠡᠨ ᠨᠡᠮᠡᠭᠳᠡᠭᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ︔ ᠵᠠᠬ᠎ᠠ ᠳᠡᠯᠭᠡᠭᠦᠷᠴᠢᠯᠡᠭᠰᠡᠨ ᠪᠠᠶᠢᠳᠠᠯ ᠤᠨ ᠳᠤᠤᠷᠠᠬᠢ ᠲᠠᠷᠢᠶᠠᠴᠢᠳ ᠤᠨ ᠠᠮᠤ ᠪᠤᠳᠠᠭ᠎ᠠ ᠬᠤᠳᠠᠯᠳᠤᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠂ ᠳᠤᠮᠳᠠᠳᠤ ᠶᠢᠨ ᠠᠷᠠᠳ ᠲᠦᠮᠡᠨ ᠤ ᠬᠤᠭᠤᠯᠠ ᠬᠦᠨᠡᠰᠦ ᠶᠢ ᠪᠠᠲᠤᠯᠠᠬᠤ᠂ ᠨᠡᠩ ᠴᠢᠨᠠᠷ ᠰᠠᠶᠢᠲᠠᠢ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠮᠠᠨ ᠤ ᠣᠷᠣᠨ ᠢᠶᠠᠨ ᠠᠮᠤ ᠪᠤᠳᠠᠭᠠᠨ ᠤ ᠦᠢᠯᠡᠳᠪᠦᠷᠢᠯᠡᠯ ᠤᠨ ᠳᠤᠮᠤ ᠣᠷᠣᠨ ᠠᠴᠠ ᠠᠮᠤ ᠪᠤᠳᠠᠭ᠎ᠠ ᠠᠵᠤ ᠠᠬᠤᠶ ᠶᠢᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃       ᠣᠶᠢᠯᠠᠭᠠᠭᠰᠠᠨ ᠢᠶᠠᠷ᠂ ᠳᠡᠯᠡᠬᠡᠶ ᠶᠢᠨ ᠠᠮᠤ ᠪᠤᠳᠠᠭᠠᠨ ᠤ ᠡᠳᠦᠷ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠨᠢᠭᠡᠴᠢ ᠨᠦᠭᠦᠳ ᠪᠠᠰᠠ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠦᠳᠡᠯᠦᠯᠴᠡᠵᠦ᠂ ᠲᠠᠷᠢᠶᠠᠨ ᠵᠠᠬ᠎ᠠ ᠠᠶᠢᠯ ᠡᠷᠦᠬᠡ ᠪᠠᠷ ᠣᠷᠣᠵᠤ᠂ ᠠᠮᠤ ᠪᠤᠳᠠᠭᠠᠨ ᠤ ᠠᠵᠤ ᠠᠬᠤᠶᠢᠯᠠᠯ ᠤᠳ ᠢ ᠰᠤᠷᠪᠤᠯᠵᠢᠯᠠᠨ᠂ ᠠᠮᠤ ᠪᠤᠳᠠᠭᠠᠨ ᠤ ᠦᠢᠯᠡᠳᠪᠦᠷᠢᠯᠡᠯ ᠂ ᠭᠦᠢᠯᠭᠡᠭᠡ᠂ ᠬᠡᠷᠡᠭᠯᠡᠭᠡ᠂ ᠨᠥᠬᠡᠴᠡᠯᠡᠯ ᠵᠡᠷᠭᠡ ᠡᠯ᠎ᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠰᠤᠳᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠣᠷᠣᠰᠢᠵᠤ ᠪᠠᠶᠢᠭ᠎ᠠ ᠵᠥᠷᠢᠴᠡᠯ ᠬᠡᠮ ᠰᠣᠭᠤᠭ ᠢ ᠣᠶᠢᠯᠠᠭᠠᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠦᠷᠦ ᠶᠢᠨ ᠪᠤᠳᠤᠯᠭ᠎ᠠ ᠶᠢ ᠨᠢᠭᠤᠷᠳᠠᠨ ᠤᠬᠠᠭᠤᠯᠵᠤ᠂ ᠠᠮᠤ ᠪᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠠᠶᠢᠯᠪᠤᠷᠢᠯᠠᠨ᠂ ᠪᠦᠬᠦ ᠨᠡᠶᠢᠭᠡᠮ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠵᠢᠯ ᠤᠨ ᠬᠢᠷᠢ ᠲᠦᠪᠰᠢᠨ ᠢ  ᠳᠡᠭᠡᠭᠰᠢᠯᠡᠭᠦᠯᠬᠦ ᠪᠣᠯᠣᠨ᠎ᠠ᠃ ᠪᠦᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠠᠮᠤ ᠪᠤᠳᠠᠭ᠎ᠠ ᠵᠡᠷᠭᠡ ᠰᠠᠯᠠᠭ᠎ᠠ ᠮᠥᠴᠢᠷ ᠤᠳ ᠪᠠᠰᠠ ᠬᠠᠮᠢᠶ᠎ᠠ ᠪᠥᠬᠦᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号