ᠲᠦᠩᠯᠢᠶᠣᠤ ᠬᠤᠲᠠ ᠮᠠᠯᠵᠢᠬᠤ ᠲᠠᠷᠢᠶᠠᠯᠠᠬᠤ ᠣᠷᠣᠨ ᠤ 5084 ᠡᠷᠦᠬᠡ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠬᠦ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2018/10/17
     ᠡᠨᠡ ᠵᠢᠯ ᠠᠴᠠ ᠨᠠᠭᠠᠰᠢ᠂ ᠲᠦᠩᠯᠢᠶᠣᠤ ᠬᠤᠲᠠ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠡᠭᠦᠷᠭᠡ ᠲᠠᠢ ᠨᠢᠭᠲᠠ ᠤᠶᠠᠯᠳᠤᠭᠤᠯᠤᠨ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠲᠤᠰᠬᠠᠶ ᠰᠡᠳᠦᠪᠲᠦ ᠠᠬᠢᠭᠤᠯᠬᠤ ᠬᠤᠷᠠᠯ ᠢ ᠤᠯᠠᠨ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠬᠢᠨᠠᠨ ᠵᠢᠯᠤᠭᠤᠳᠤᠯᠭ᠎ᠠ ᠪᠠ ᠪᠠᠶᠢᠴᠠᠭᠠᠯᠲᠠ ᠥᠷᠨᠢᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠬᠦ ᠪᠠᠶᠢᠳᠠᠯ ᠢ ᠪᠠᠶᠢᠴᠠᠭᠠᠨ ᠤᠶᠢᠯᠠᠭᠠᠬᠤ᠂ ᠴᠢᠨᠠᠷ ᠤᠨ ᠪᠠᠷᠢᠮᠵᠢᠶ᠎ᠠ᠂ ᠰᠢᠯᠭᠠᠨ ᠠᠪᠬᠤ ᠲᠡᠰ ᠳᠠᠷᠠᠭᠠᠯᠠᠯ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠲᠠᠰᠤᠷᠠᠯᠲᠠ ᠦᠭᠡᠢ ᠴᠢᠩᠭᠠᠳᠬᠠᠨ ᠵᠢᠷᠤᠮᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠦᠷᠢᠨᠰᠢᠭᠦᠯᠵᠦ᠂ ᠡᠯ᠎ᠡ ᠲᠠᠯ᠎ᠠ ᠶᠢᠨ ᠠᠵᠢᠯ ᠢᠶᠠᠨ ᠤᠷᠤᠭᠰᠢᠲᠠᠶ ᠠᠬᠢᠭᠤᠯᠪᠠ᠃      10 ᠳ᠋ᠤᠭᠠᠷ ᠰᠠᠷ᠎ᠠ ᠶᠢᠨ 8᠎ ᠤ ᠡᠳᠦᠷ ᠪᠣᠯᠲᠠᠯ᠎ᠠ᠂ ᠪᠥᠬᠦ ᠬᠤᠲᠠ 5084 ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 92%᠎ ᠳᠤ ᠬᠦᠷᠴᠦ᠂ 4537 ᠡᠷᠦᠬᠡ ᠶᠢᠨ ᠪᠠᠷᠢᠯᠭ᠎ᠠ ᠳᠠᠭᠤᠰᠴᠦ᠂ ᠪᠠᠷᠢᠯᠭ᠎ᠠ ᠳᠠᠭᠤᠰᠤᠭᠰᠠᠨ ᠨᠤᠷᠮ᠎ᠠ 82%᠎ ᠳᠤ ᠬᠦᠷᠪᠡ︔ ᠳᠠᠩᠰᠠ ᠪᠠ ᠺᠠᠷᠲ ᠲᠠᠢ 2504 ᠡᠷᠦᠬᠡ ᠶᠢᠨ ᠠᠵᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠤᠷᠮ᠎ᠠ 103%᠎ ᠳᠤ ᠬᠦᠷᠪᠡ᠃ ᠡᠭᠦᠨ ᠳᠤ᠂ ᠬᠤᠷᠴᠢᠨ ᠲᠣᠭᠤᠷᠢᠭ ᠤᠨ ᠠᠵᠢᠯ ᠡᠭᠢᠯᠠᠭᠦᠯᠣᠭᠰᠠᠨ ᠨᠣᠷᠮ᠎ᠠ 114%᠎ ᠳᠤ ᠬᠦᠷᠴᠦ᠂ ᠪᠠᠷᠢᠯᠭ᠎ᠠ ᠳᠠᠭᠤᠰᠤᠭᠰᠠᠨ ᠨᠤᠷᠮ᠎ᠠ 108%᠎ ᠳᠤ ᠬᠦᠷᠪᠡ︔ ᠺᠠᠶᠢᠯᠦ ᠰᠢᠶᠠᠨ ᠤ ᠠᠵᠢᠯ ᠡᠬᠢᠯᠡᠭᠦᠯᠦᠭᠰᠡᠨ ᠨᠣᠷᠮ᠎ᠠ 199%᠎ ᠳᠤ ᠬᠦᠷᠴᠦ᠂ ᠪᠠᠷᠢᠯᠭ᠎ᠠ ᠳᠠᠭᠤᠰᠤᠭᠰᠠᠨ ᠨᠤᠷᠮ᠎ᠠ 192%᠎ ᠳᠤ ᠬᠦᠷᠪᠡ︔ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠠᠵᠢᠯ ᠡᠭᠢᠯᠠᠭᠦᠯᠣᠭᠰᠠᠨ ᠨᠣᠷᠮ᠎ᠠ 111%᠎ ᠳᠤ ᠬᠦᠷᠴᠦ᠂ ᠪᠠᠷᠢᠯᠭ᠎ᠠ ᠳᠠᠭᠤᠰᠤᠭᠰᠠᠨ ᠨᠣᠷᠮ᠎ᠠ 94%᠎ ᠳᠤ ᠭᠦᠷᠪᠡ︔ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠢᠯ ᠡᠭᠢᠯᠠᠭᠦᠯᠣᠭᠰᠠᠨ ᠨᠣᠷᠮ᠎ᠠ 100%᠎ ᠳᠤ ᠬᠦᠷᠴᠦ᠂ ᠪᠠᠷᠢᠯᠭ᠎ᠠ ᠳᠠᠭᠤᠰᠤᠭᠰᠠᠨ ᠨᠤᠷᠮ᠎ᠠ100%᠎ ᠳᠤ ᠬᠦᠷᠪᠡ︔ ᠬᠦᠷᠢᠶ᠎ᠡ ᠬᠤᠰᠢᠭᠤᠨ ᠤ ᠠᠵᠢᠯ ᠡᠬᠢᠯᠡᠭᠦᠯᠦᠭᠰᠡᠨ ᠨᠣᠷᠮ᠎ᠠ 100%᠎ ᠳᠤ ᠬᠦᠷᠴᠦ᠂ ᠪᠠᠷᠢᠯᠭ᠎ᠠ ᠳᠠᠭᠤᠰᠤᠭᠰᠠᠨ ᠨᠤᠷᠮ᠎ᠠ 85%᠎ ᠳᠤ ᠬᠦᠷᠪᠡ︔ ᠵᠠᠷᠤᠳ ᠬᠤᠰᠢᠭᠤᠨ ᠤ ᠠᠵᠢᠯ ᠡᠬᠢᠯᠡᠭᠦᠯᠦᠭᠰᠡᠨ ᠨᠣᠷᠮ᠎ᠠ 100%᠎ ᠳᠤ ᠬᠦᠷᠴᠦ᠂ ᠪᠠᠷᠢᠯᠭ᠎ᠠ ᠳᠠᠭᠤᠰᠤᠭᠰᠠᠨ ᠨᠤᠷᠮ᠎ᠠ 94%᠎ ᠳᠤ ᠬᠦᠷᠪᠡ᠄ ᠨᠠᠢᠮᠠᠨ ᠬᠤᠰᠢᠭᠤᠨ ᠤ ᠠᠵᠢᠯ ᠡᠭᠢᠯᠠᠭᠦᠯᠣᠭᠰᠠᠨ ᠨᠣᠷᠮ᠎ᠠ 54%᠎ ᠳᠤ ᠬᠦᠷᠴᠦ᠂ ᠪᠠᠷᠢᠯᠭ᠎ᠠ ᠳᠠᠭᠤᠰᠤᠭᠰᠠᠨ ᠨᠣᠷᠮ᠎ᠠ 44%᠎ ᠳᠤ ᠬᠥᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号