ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠶᠠᠳᠠᠭᠤ ᠶᠢ ᠳᠡᠳᠭᠦᠭᠦ ᠡᠳᠦᠷ︾ ᠤᠨ ᠠᠵᠢᠯᠯᠠᠭ᠎ᠠ ᠶᠢᠨ ᠳᠤᠬᠠᠢ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠠᠢ
ᠨᠡᠶᠢᠲᠡᠯᠡᠭᠰᠡᠨ ᠴᠠᠭ᠄
2018/10/17
     10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ 2018 ᠣᠨ ᠤ ᠤᠯᠤᠰ ᠤᠨ ︽ᠶᠠᠳᠠᠭᠤ ᠶᠢ ᠲᠡᠳᠬᠦᠬᠦ ᠡᠳᠦᠷ︾ ᠤᠨ ᠠᠵᠢᠯᠯᠠᠭ᠎ᠠ ᠶᠢᠨ ᠲᠣᠬᠢᠷᠠᠭᠤᠯᠤᠯᠳᠠ ᠪᠠ ᠠᠬᠢᠴᠠ ᠶᠢᠨ ᠪᠠᠶᠢᠳᠠᠯ ᠵᠢᠴᠢ ᠪᠦᠭᠦ ᠣᠷᠣᠨ ᠤ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠳᠠᠨᠢᠯᠴᠠᠭᠤᠯᠬᠤ ᠶᠢᠨ ᠬᠠᠮᠳᠤ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃      ᠡᠨᠡ ᠵᠢᠯ ᠤᠨ 10 ᠳ᠋ᠤᠭᠠᠷ ᠰᠠᠷ᠎ᠠ ᠶᠢᠨ 17 ᠤ ᠡᠳᠦᠷ ᠪᠤᠯ ᠮᠠᠨ ᠤ ᠤᠯᠤᠰ ᠤᠨ ᠳᠠᠪᠤᠳᠡᠬᠢ ︽ᠶᠠᠳᠠᠭᠤ  ᠶᠢ ᠲᠡᠳᠬᠦᠬᠦ ᠡᠳᠦᠷ︾ ᠪᠤᠯᠤᠨ᠎ᠠ᠃ ᠡᠨᠡ ᠵᠢᠯ ᠤᠨ ᠶᠠᠳᠠᠭᠤ ᠶᠢ ᠳᠠᠳᠭᠦᠭᠦ ᠡᠳᠦᠷ ᠤᠨ ᠭᠤᠤᠯ ᠵᠤᠷᠢᠯᠳᠠ ᠪᠤᠯ ᠰᠢ  ᠶᠢᠨ ᠫᠢᠩ ᠤᠨ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠬᠦ ᠠᠵᠢᠯ ᠤᠨ ᠲᠤᠬᠠᠶ ᠴᠢᠬᠤᠯᠠ ᠥᠭᠦᠯᠡᠮᠵᠢ ᠶᠢ ᠦᠷᠭᠡᠨ ᠳᠡᠯᠭᠡᠷ ᠢᠶᠠᠷ ᠤᠬᠠᠭᠤᠯᠵᠤ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠠᠮᠵᠢᠯᠳᠠ ᠪᠦᠳᠦᠮᠵᠢ ᠶᠢ ᠬᠦᠢᠴᠡᠳ ᠳᠠᠯᠭᠡᠨ ᠦᠵᠡᠭᠦᠯᠵᠤ᠂ ᠨᠡᠶᠢᠭᠡᠮ ᠤᠨ ᠡᠯ᠎ᠠ ᠡᠳᠡᠭᠡᠳ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠤᠷᠤᠯᠴᠠᠬᠤ ᠠᠷᠭ᠎ᠠ ᠵᠠᠮ  ᠢ ᠦᠷᠭᠡᠳᠭᠡᠨ ᠤᠷᠮ᠎ᠠ ᠵᠣᠷᠢᠭ ᠢ ᠨᠢ ᠴᠢᠨᠠᠭᠰᠢᠳᠠ ᠬᠥᠭᠵᠢᠭᠡᠵᠤ᠂ ᠢᠳᠡᠪᠬᠢ ᠬᠦᠴᠦᠨ ᠢ ᠨᠢᠭᠲᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠡᠯᠳᠡ ᠶᠢ ᠳᠡᠮᠡᠴᠡᠨ ᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠪᠤᠯᠤᠨ᠎ᠠ᠃      ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠤᠨ ᠤᠯᠤᠰ ᠤᠨ ︽ᠶᠠᠳᠠᠭᠤ ᠶᠢ ᠲᠡᠳᠬᠦᠬᠦ ᠡᠳᠦᠷ︾ ᠲᠤ ᠭᠤᠤᠯᠳᠠᠭᠤ ᠰᠢ ᠶᠢᠨ ᠫᠢᠩ ᠤᠨ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠬᠦ ᠠᠵᠢᠯ ᠤᠨ ᠲᠤᠬᠠᠢ ᠴᠢᠬᠤᠯᠠ ᠥᠭᠦᠯᠡᠮᠵᠢ ᠶᠢ ᠰᠤᠷᠤᠯᠴᠠᠭᠰᠠᠨ ᠡᠬᠡ ᠪᠢᠴᠢᠭ ᠡᠯᠰᠡᠨ ᠰᠤᠳᠤᠯᠤᠨ ᠶᠠᠷᠢᠯᠴᠠᠬᠤ ᠠᠵᠢᠯᠯᠠᠭ᠎ᠠ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠱᠠᠩᠨᠠᠯ ᠢ ᠰᠢᠯᠭᠠᠷᠠᠭᠤᠯᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ᠂ ︽︿ᠲᠦᠷᠪᠡᠨ ᠤᠬᠠᠮᠰᠠᠷ﹀ ᠢ ᠴᠢᠩᠭᠠᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠭᠰᠡᠨ︾ ᠶᠠᠷᠢᠶ᠎ᠠ ᠢᠯᠡᠳᠭᠡᠯ ᠤᠨ ᠠᠵᠢᠯᠯᠠᠭ᠎ᠠ ᠵᠡᠷᠭᠡ 8 ᠵᠦᠢᠯ ᠤᠨ ᠠᠵᠢᠯᠯᠠᠭ᠎ᠠ ᠥᠷᠨᠢᠭᠦᠯᠬᠦ ᠪᠣᠯᠤᠨ᠎ᠠ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ᠴᠤ ᠤᠯᠠᠨ ᠬᠡᠯᠪᠡᠷᠢ ᠪᠠᠷ ᠤᠯᠤᠰ ᠤᠨ ︽ᠶᠠᠳᠠᠭᠤ ᠶᠢ ᠲᠡᠳᠬᠦᠬᠦ ᠡᠳᠦᠷ︾ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠡᠶᠢᠭᠡᠮ ᠳᠠᠶᠠᠭᠠᠷ ᠤᠨ ᠶᠠᠳᠠᠭᠤ ᠬᠦᠴᠢᠷᠳᠡᠯᠲᠡᠶ ᠶᠢ ᠠᠩᠬᠠᠷᠤᠨ ᠬᠠᠯᠠᠮᠵᠢᠯᠠᠬᠤ᠂ ᠶᠠᠳᠠᠭᠤ ᠶᠢ ᠳᠡᠳᠭᠦᠭᠦ ᠳᠤ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠤᠳᠤᠬᠠᠨ ᠳᠤ ᠮᠠᠨ ᠤ ᠣᠷᠣᠨ ᠨᠡᠶᠢᠭᠡᠮ ᠤᠨ ᠬᠦᠴᠦᠨ ᠢ ᠥᠷᠭᠡᠨ ᠳᠡᠯᠭᠡᠷ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ᠂ ᠨᠡᠶᠢᠭᠡᠮ ᠤᠨ ᠡᠯ᠎ᠠ ᠡᠳᠡᠭᠡᠳ ᠤᠨ ᠬᠢᠨ ᠤ ᠶᠠᠳᠠᠭᠤ ᠶᠢ ᠲᠡᠳᠬᠦᠬᠦ ᠬᠦᠴᠦᠷᠭᠡᠭ ᠶᠡᠭᠡ ᠬᠠᠮᠳᠤᠷᠠᠯ ᠬᠦᠴᠦᠨ ᠢ ᠪᠤᠢ ᠪᠤᠯᠭᠠᠭᠠᠳ ᠢᠯᠡᠳᠳᠡ ᠠᠮᠵᠢᠯᠳᠠ ᠪᠦᠲᠦᠮᠵᠢ ᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号