ᠶᠤᠸᠠᠨ ᠯᠦᠩ ᠫᠢᠩ ᠤᠰᠤᠨ ᠲᠤᠲᠤᠷᠭ᠎ᠠ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢᠨ ᠢᠯᠡᠷᠬᠡᠶᠢᠯᠡᠯ ᠰᠡᠬᠦᠬᠦ ᠶᠣᠰᠣᠯᠠᠯ ᠵᠢᠴᠢ ᠬᠢᠩᠭᠠᠨ ᠠᠶᠢᠮᠠᠭ ᠤᠨ ᠲᠣᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/10/18
     10 ᠳ᠋ᠤᠭᠠᠷ ᠰᠠᠷ᠎ᠠ ᠶᠢᠨ 16᠎ ᠤ ᠡᠳᠦᠷ᠂ ᠬᠢᠩᠭᠠᠨ ᠠᠶᠢᠮᠠᠭ ᠤᠨ ᠶᠤᠸᠠᠨ ᠯᠦᠩ ᠫᠢᠩ ᠤᠰᠤᠨ ᠲᠤᠲᠤᠷᠭ᠎ᠠ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢᠨ ᠢᠯᠡᠷᠬᠡᠶᠢᠯᠡᠯ ᠰᠡᠬᠦᠬᠦ ᠶᠣᠰᠣᠯᠠᠯ ᠵᠢᠴᠢ ᠬᠢᠩᠭᠠᠨ ᠠᠶᠢᠮᠠᠭ ᠤᠨ ᠲᠣᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠬᠤᠷᠠᠯ ᠤᠯᠠᠭᠠᠨᠬᠤᠲᠠ ᠳᠤ ᠬᠤᠷᠠᠯᠳᠤᠪᠠ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠡᠯᠡᠬᠡᠢ ᠶᠢᠨ ᠤᠰᠤᠨ ᠲᠤᠲᠤᠷᠭ᠎ᠠ ᠶᠢᠨ ᠦᠷ᠎ᠡ ᠪᠤᠶᠢᠵᠢᠭᠤᠯᠬᠤ ᠲᠤᠰᠬᠠᠶ ᠮᠡᠷᠭᠡᠵᠢᠯᠲᠡᠨ᠂ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠡᠭᠦᠳᠦᠭᠴᠢ ᠶᠤᠸᠠᠨ ᠯᠦᠩ ᠫᠢᠩ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠬᠢᠩᠭᠠᠨ ᠠᠶᠢᠮᠠᠭ ᠤᠨ ᠶᠤᠸᠠᠨ ᠯᠦᠩ ᠫᠢᠩ ᠤᠰᠤᠨ ᠲᠤᠲᠤᠷᠭ᠎ᠠ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠪᠠᠶᠢᠭᠤᠯᠬᠤ ᠴᠣᠬᠤᠯᠠᠪᠤᠷᠢ ᠶᠢᠨ ᠪᠢᠴᠢᠭ ᠮᠠᠲ᠋ᠧᠷᠢᠶᠠᠯ ᠢ ᠣᠩᠰᠢᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠬᠢᠩᠭᠠᠨ ᠠᠶᠢᠮᠠᠭ ᠤᠨ ᠶᠤᠸᠠᠨ ᠯᠦᠩ ᠫᠢᠩ ᠤᠰᠤᠨ ᠲᠤᠲᠤᠷᠭ᠎ᠠ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠳᠤ ᠢᠯᠡᠷᠬᠡᠶᠢᠯᠡᠯ ᠣᠯᠭᠤᠵᠤ᠂ ᠳᠤᠮᠳᠠᠳᠤ ᠤᠯᠤᠰ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠦᠢᠯᠡᠴᠢᠯᠡᠭᠡᠨ ᠤ ᠨᠡᠶᠢᠭᠡᠮᠯᠢᠭ ᠠᠴᠠ ︽ᠬᠢᠩᠭᠠᠨ ᠠᠶᠢᠮᠠᠭ ᠤᠨ ᠲᠤᠲᠤᠷᠭ᠎ᠠ︾ ᠎ ᠳᠤ ︽2018 ᠣᠨ ᠤ ᠳᠤᠮᠳᠠᠳᠤ ᠤᠯᠤᠰ ᠤᠨ ᠠᠷᠪᠠᠨ ᠶᠡᠭᠡ ᠲᠤᠲᠤᠷᠭ᠎ᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ︾ ᠭᠡᠬᠦ ᠢᠷᠠᠭᠤ ᠠᠯᠳᠠᠷ ᠤᠨ ᠴᠣᠯᠠ ᠣᠯᠭᠤᠭᠰᠠᠨ ᠪᠦᠭᠡᠳ ︽2018 ᠣᠨ ᠤ ᠠᠷᠪᠠᠨ ᠶᠡᠭᠡ ᠠᠮᠲᠠᠲᠠᠶ ᠪᠤᠳᠠᠭ᠎ᠠ︾᠎ ᠶᠢᠨ ᠦᠨᠡᠮᠯᠡᠯ ᠣᠯᠭᠤᠵᠤ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠠᠷᠠᠲᠤ ᠲᠥᠷᠥᠯ ᠲᠡᠮᠳᠡᠭᠲᠦ ᠲᠠᠷᠢᠶᠠᠯᠠᠩ ᠤᠨ ᠰᠤᠳᠤᠯᠭᠠᠨ ᠤ ᠰᠡᠳᠦᠪ ᠤᠨ ᠳᠤᠭᠤᠶᠢᠯᠠᠩ ᠠᠴᠠ ᠬᠢᠩᠭᠠᠨ ᠠᠶᠢᠮᠠᠭ ᠲᠤ ︽ᠬᠡᠷᠡᠭ ᠤᠨ ᠵᠢᠱᠢᠶ᠎ᠡ ᠶᠢ ᠰᠤᠳᠤᠯᠬᠤ ᠰᠠᠭᠤᠷᠢᠨ ᠭᠠᠵᠠᠷ︾᠎ ᠤᠨ ᠦᠨᠡᠮᠯᠡᠯ ᠣᠯᠭᠤᠭᠰᠠᠨ ᠪᠠᠶᠢᠨ᠎ᠠ᠃      ᠡᠭᠦᠨ ᠤ ᠳᠠᠷᠠᠭ᠎ᠠ ᠪᠠᠷ ᠶᠠᠪᠤᠭᠳᠠᠭᠰᠠᠨ ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠳᠡᠭᠡᠷ᠎ᠡ᠂ ᠬᠤᠷᠠᠯ ᠳᠤ ᠣᠷᠣᠯᠴᠠᠭᠰᠠᠨ 7 ᠲᠤᠰᠬᠠᠶ ᠮᠡᠷᠭᠡᠵᠢᠯᠲᠡᠨ ᠪᠣᠯᠤᠨ ᠡᠷᠳᠡᠮᠲᠡᠳ ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠶᠯᠡᠰ ᠤᠨ ᠬᠥᠭᠵᠢᠯᠲᠡ ᠶᠢᠨ ᠲᠣᠭᠤᠷᠢᠨ ᠳᠤ ᠭᠤᠣᠯ ᠵᠤᠷᠢᠯᠳᠡᠳᠤ ᠶᠠᠷᠢᠶ᠎ᠠ ᠢᠯᠡᠳᠬᠡᠯ ᠬᠢᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号