ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/10/18
     10 ᠳ᠋ᠤᠭᠠᠷ ᠰᠠᠷ᠎ᠠ ᠶᠢᠨ 17᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ 10 ᠳ᠋ᠤᠭᠠᠷ ᠰᠠᠷ᠎ᠠ ᠶᠢᠨ 26᠎ ᠠᠴᠠ 27᠎ ᠤ ᠡᠳᠦᠷ ᠪᠤᠯᠳᠠᠯ᠎ᠠ ᠬᠦᠬᠡᠬᠤᠳᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ ᠢ ᠬᠤᠷᠠᠯᠳᠤᠭᠤᠯᠵᠤ᠂ ᠪᠦᠬᠦ ᠤᠷᠤᠨ ᠤ ᠤᠷᠤᠨ ᠨᠤᠳᠤᠭ ᠤᠨ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠬᠤ ᠪᠠᠷ ᠲᠤᠬᠲᠠᠪᠠ᠃ ᠤᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠱᠠᠳᠤᠨ ᠤ ᠠᠵᠤ ᠠᠬᠤᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠠᠢ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠤᠷᠤᠨ ᠲᠠᠶᠠᠭᠠᠷ ᠨᠠᠷᠢᠨ ᠪᠤᠳᠤᠯᠢᠶᠠᠨᠳᠠᠢ ᠮᠦᠷᠳᠡᠭᠡᠨ ᠬᠤᠪᠢᠷᠠᠯᠳᠠ ᠶᠡᠭᠡᠳᠡᠢ ᠠᠵᠤ ᠠᠬᠤᠢ ᠶᠢᠨ ᠪᠠᠶᠢᠳᠠᠯ᠂ ᠡᠯ᠎ᠠ ᠵᠦᠢᠯ ᠤᠨ ᠬᠦᠴᠢᠷᠳᠡᠯ ᠪᠤᠯᠤᠨ ᠦᠷᠢᠰᠦᠯᠳᠦᠭᠡᠨ ᠤ ᠡᠮᠦᠨ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠎ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠦᠴᠢᠷ ᠪᠡᠷᠬᠡ ᠶᠢ ᠢᠯᠠᠨ ᠲᠠᠪᠠᠵᠤ ᠡᠷᠡᠮᠡᠬᠡᠶᠢᠯᠡᠨ ᠤᠷᠤᠬᠰᠢᠯᠠᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠪᠦᠬᠦ ᠤᠷᠤᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠤᠬᠳᠠᠭᠤᠨ ᠪᠠᠶᠢᠵᠤ᠂ ᠲᠤᠬᠳᠠᠭᠤᠨ ᠤ ᠲᠤᠮᠳᠠ ᠰᠠᠶᠢᠵᠢᠷᠠᠨ᠂ ᠲᠤᠬᠳᠠᠭᠤᠨ ᠤ ᠲᠤᠮᠳᠠ ᠤᠷᠤᠬᠰᠢᠯᠠᠪᠠ ᠭᠡᠵᠦ ᠦᠵᠡᠵᠡᠢ᠃      ᠬᠤᠷᠠᠯ ᠠᠴᠠ ᠵᠢᠭᠠᠭᠰᠠᠨ ᠨᠢ᠂ ᠤᠳᠤᠬᠠᠨ ᠳᠤ ᠮᠠᠨ ᠤ ᠤᠷᠤᠨ ᠤ ᠠᠵᠤ ᠠᠬᠤᠢ ᠶᠢᠨ ᠬᠦᠭᠵᠢᠯᠳᠡ ᠬᠦᠴᠢᠷ ᠪᠡᠷᠭᠡ ᠶᠢ ᠲᠠᠪᠠᠵᠤ ᠰᠢᠪᠲᠤᠯᠤᠯᠲᠠ ᠶᠢᠨ ᠵᠠᠩᠬᠢᠯᠠᠭ᠎ᠠ ᠶᠢᠨ ᠬᠤᠭᠤᠴᠠᠭ᠎ᠠ ᠳᠤ ᠤᠷᠤᠰᠢᠵᠤ ᠪᠤᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠪᠠ ᠤᠳᠤᠷᠢᠳᠬᠤ ᠺᠠᠳ᠋ᠷᠴᠤᠳ ᠡᠷᠬᠡᠪᠰᠢ ᠪᠦᠬᠦ ᠤᠷᠤᠨ ᠤ ᠠᠵᠤ ᠠᠬᠤᠢ ᠶᠢᠨ ᠬᠦᠭᠵᠢᠯᠳᠡ ᠶᠢᠨ ᠦᠨᠳᠦᠰᠦᠨ ᠪᠠᠶᠢᠳᠠᠯ ᠢ ᠬᠦᠨᠵᠡᠭᠡᠢ ᠲᠠᠨᠢᠨ ᠵᠦᠪ ᠤᠨᠤᠪᠴᠢᠳᠠᠢ ᠡᠵᠡᠮᠰᠢᠵᠤ᠂ ᠤᠯᠤᠬᠰᠠᠨ ᠠᠮᠵᠢᠯᠳᠡ ᠪᠤᠯᠤᠨ ᠪᠠᠶᠢᠳᠠᠯ ᠤᠨ ᠠᠰᠢᠬᠳᠠᠢ ᠲᠠᠯ᠎ᠠ ᠶᠢ ᠬᠦᠢᠴᠡᠳ ᠤᠯᠵᠤ ᠬᠠᠷᠠᠵᠤ᠂ ᠠᠵᠤ ᠠᠬᠤᠢ ᠶᠢᠨ ᠬᠦᠭᠵᠢᠯᠳᠡ ᠶᠢᠨ ᠢᠷᠡᠭᠡᠳᠦᠢ ᠳᠤ ᠢᠳᠡᠭᠡᠯ ᠲᠡᠭᠦᠯᠳᠡᠷ ᠪᠠᠶᠢᠬᠤ ᠮᠦᠷᠳᠡᠭᠡᠨ ᠲᠤᠯᠭᠠᠷᠠᠵᠤ ᠪᠦᠬᠦᠢ ᠡᠯ᠎ᠠ ᠵᠦᠢᠯ ᠤᠨ ᠬᠦᠴᠢᠷᠳᠡᠯ ᠢᠶᠠᠨ ᠲᠤᠳᠤᠷᠬᠠᠢ ᠲᠠᠨᠢᠵᠤ᠂ ᠴᠢᠭᠯᠡᠭᠦᠯᠦᠯᠳᠦ ᠴᠢᠨᠠᠷᠳᠠᠢ ᠠᠷᠭ᠎ᠠ ᠬᠢᠳᠡᠯ ᠢᠶᠠᠷ ᠠᠷᠭᠠᠴᠠᠨ ᠰᠢᠢᠳᠪᠦᠷᠢᠯᠡᠵᠤ᠂ ᠠᠵᠤ ᠠᠬᠤᠢ ᠶᠢᠨ ᠠᠵᠢᠯ ᠤᠨ ᠰᠠᠨᠠᠭᠠᠴᠢᠯᠠᠭᠠᠳᠦ ᠡᠷᠭᠡ ᠶᠢ ᠪᠠᠳᠤ ᠡᠵᠡᠮᠳᠡᠨ᠂ ᠪᠦᠬᠦ ᠤᠷᠤᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢᠨ ᠵᠠᠮ ᠢᠶᠠᠷ ᠲᠤᠬᠳᠠᠭᠤᠨ ᠢᠶᠠᠷ ᠤᠷᠤᠬᠰᠢᠯᠠᠬᠤ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠳ᠋ ᠤᠨ ᠵᠠᠰᠠᠭ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠢᠳᠡᠪᠬᠢᠳᠡᠢ ᠰᠢᠢᠳᠪᠦᠷᠢᠯᠡᠵᠤ᠂ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠲᠠ ᠳᠤ ᠦᠢᠯᠡᠴᠢᠯᠡᠵᠦ ᠬᠠᠮᠵᠢᠯᠴᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠤ᠂ ᠲᠦᠪ ᠎ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠵᠤ ︽ᠪᠤᠴᠠᠨ ᠪᠠᠶᠢᠴᠠᠭᠠᠬᠤ︾᠎ ᠠᠴᠠ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠪᠠᠳᠤ ᠡᠷᠴᠢᠮᠳᠡᠢ ᠰᠠᠶᠢᠲᠤᠷ ᠬᠢᠭᠦ ᠬᠡᠷᠡᠭᠳᠡᠢ᠃ ᠲᠦᠪ ᠠᠴᠠ ᠡᠳ᠋ ᠤᠨ ᠵᠠᠰᠠᠭ ᠤᠨ ᠢᠳᠡᠪᠬᠢᠳᠡᠢ ᠲᠦᠷᠦ ᠶᠢᠨ ᠪᠤᠳᠤᠯᠭ᠎ᠠ ᠪᠤᠯᠤᠨ ᠵᠤᠭᠤᠰᠤᠨ ᠤ ᠲᠤᠬᠳᠠᠭᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ ᠪᠦᠬᠦᠢ ᠠᠵᠠ ᠲᠤᠬᠢᠶᠠᠯ ᠢ ᠠᠳᠬᠤᠨ᠂ ᠰᠠᠨᠠᠭᠠᠴᠢᠯᠠᠭ᠎ᠠ ᠠᠴᠠ ᠪᠠᠨ ᠤᠯᠤᠰ ᠤᠨ ᠲᠦᠷᠦ ᠶᠢᠨ ᠪᠤᠳᠤᠯᠭ᠎ᠠ ᠪᠠ ᠪᠡᠯᠡ ᠮᠦᠩᠭᠦᠨ ᠤ ᠲᠡᠮᠵᠢᠯᠭᠡ ᠶᠢ ᠤᠯᠵᠤ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠪᠤᠳᠠᠳᠤ ᠴᠤᠬᠴᠠ ᠶᠢᠨ ᠠᠵᠤ ᠠᠬᠤᠢ ᠳᠠᠬᠢ ᠲᠡᠮᠵᠢᠯᠭᠡ ᠶᠢ ᠢᠳᠡᠪᠬᠢᠳᠡᠢ ᠠᠬᠢᠭᠤᠯᠵᠤ᠂ ᠠᠷᠠᠯᠵᠢᠶ᠎ᠠ ᠡᠵᠡᠩᠨᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠬᠤ ᠪᠠᠷ ᠲᠠᠮᠵᠢᠨ ᠠᠷᠠᠳ ᠤᠨ ᠪᠡᠯᠡ ᠤᠷᠤᠭᠤᠯᠤᠯᠳᠠ ᠶᠢ ᠬᠦᠭᠵᠢᠭᠡᠭᠦ ᠪᠡ ᠶᠡᠭᠡ ᠪᠠᠷ ᠠᠷᠠᠯᠵᠢᠶᠠᠴᠢᠨ ᠤᠷᠢᠵᠤ ᠪᠡᠯᠡ ᠤᠷᠤᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠨ᠂ ᠪᠦᠳᠦᠮᠵᠢᠳᠡᠢ ᠪᠡᠯᠡ ᠤᠷᠤᠭᠤᠯᠤᠯᠳᠠ ᠶᠢ ᠨᠡᠮᠡᠭᠳᠡᠭᠦᠯᠭᠦ ᠬᠡᠷᠡᠭᠳᠡᠢ᠃ ᠦᠢᠯᠡᠳᠪᠦᠷᠢᠯᠡᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠬᠢᠭᠡᠳ ᠠᠮᠢᠳᠤᠷᠠᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠢ ᠵᠡᠷᠬᠡ ᠪᠠᠷ ᠴᠢᠬᠤᠯᠠᠴᠢᠯᠠᠨ ᠬᠦᠭᠵᠢᠭᠦᠯᠭᠦ ᠶᠢ ᠪᠠᠷᠢᠮᠲᠠᠯᠠᠵᠤ᠂ ᠦᠢᠯᠡᠴᠢᠯᠡᠭᠡᠨ ᠤ ᠦᠢᠯᠡᠰ ᠤᠨ ᠲᠤᠬᠳᠠᠭᠤᠨ ᠨᠡᠮᠡᠭᠳᠡᠯ᠂ ᠪᠦᠳᠦᠴᠡ ᠶᠢᠨ ᠲᠤᠬᠢᠷᠠᠭᠤᠯᠤᠯᠳᠠ᠂ ᠠᠷᠭ᠎ᠠ ᠬᠡᠯᠪᠡᠷᠢ ᠶᠢᠨ ᠬᠤᠪᠢᠷᠠᠭᠤᠯᠤᠯᠳᠠ ᠳᠠᠬᠢ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠶᠡᠭᠡ ᠪᠠᠷ ᠬᠦᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠭᠦ ᠶᠢ ᠦᠷᠭᠦᠯᠵᠢᠯᠡᠨ ᠬᠦᠴᠦᠳᠡᠢ ᠠᠬᠢᠭᠤᠯᠬᠤ ᠬᠡᠷᠡᠭᠳᠡᠢ᠃ ᠠᠷᠠᠳ ᠎ ᠤᠨ ᠠᠮᠢᠳᠤᠷᠠᠯ ᠢ ᠰᠠᠶᠢᠵᠢᠷᠠᠭᠤᠯᠬᠤ ᠪᠠ ᠲᠤᠬᠳᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠲᠠᠬᠡᠭᠰᠢᠯᠡᠬᠦᠯᠬᠦ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠢᠯ ᠤᠨ ᠡᠴᠤᠰ ᠪᠤᠯᠳᠠᠯ᠎ᠠ ᠤᠳᠤ ᠬᠤᠶᠠᠷ ᠰᠠᠷ᠎ᠠ ᠭᠠᠷᠤᠢ ᠶᠢᠨ ᠬᠤᠭᠤᠴᠠᠭ᠎ᠠ ᠯᠡ ᠦᠯᠡᠳᠡᠵᠦ᠂ ᠡᠯ᠎ᠠ ᠵᠦᠢᠯ ᠤᠨ ᠠᠵᠢᠯ ᠰᠢᠪᠳᠤᠯᠤᠯᠳᠠ ᠶᠢᠨ ᠱᠠᠳᠤᠨ ᠳᠤ ᠤᠷᠤᠪᠠ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠬᠠᠷᠢᠭᠤᠴᠠᠯᠭᠠᠳᠦ ᠰᠡᠳᠬᠢᠯᠭᠡ ᠪᠤᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠴᠤᠬ ᠵᠤᠷᠢᠬ ᠢᠶᠠᠨ ᠬᠦᠪᠴᠢᠯᠡᠨ ᠬᠠᠷᠢᠭᠤᠴᠠᠯᠭ᠎ᠠ ᠡᠭᠦᠷᠭᠡᠯᠡᠵᠦ᠂ ᠰᠠᠶᠢᠨ ᠰᠠᠶᠢᠬᠠᠨ ᠤᠶᠤᠨ ᠰᠠᠨᠠᠭᠠᠨ ᠤ ᠲᠦᠷᠰᠦ ᠪᠠᠶᠢᠳᠠᠯ ᠪᠠ ᠠᠵᠢᠯ ᠤᠨ ᠤᠪᠤᠷ ᠢᠶᠠᠷ ᠡᠯ᠎ᠠ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠨᠡ ᠵᠢᠯ ᠤᠨ ᠬᠠᠷᠠᠯᠳᠠ ᠡᠭᠦᠷᠭᠡ ᠪᠠᠨ ᠴᠢᠷᠮᠠᠶᠢᠨ ᠰᠠᠶᠢᠲᠤᠷ ᠪᠠᠶᠡᠯᠡᠭᠦᠯᠭᠦ ᠬᠡᠷᠡᠭᠳᠡᠢ ᠭᠡᠵᠡᠢ᠃      ᠬᠤᠷᠠᠯ ᠠᠴᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号