ᠥᠪᠥᠷ ᠮᠣᠩᠭᠤᠯ ᠤᠨ ᠠᠩᠬᠠᠳᠤᠭᠠᠷ ᠪᠦᠯᠦᠭ ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ ᠤᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ ᠪᠠᠶᠠᠨᠨᠠᠭᠤᠷ ᠲᠤ ᠡᠷᠦᠬᠡ ᠪᠠᠨ ᠰᠡᠬᠦᠪᠡ
ᠨᠡᠶᠢᠲᠡᠯᠡᠭᠰᠡᠨ ᠴᠠᠭ᠄
2018/10/19
     10 ᠳ᠋ᠤᠭᠠᠷ ᠰᠠᠷ᠎ᠠ ᠶᠢᠨ 16᠎ ᠤ ᠡᠳᠦᠷ᠂ ᠥᠪᠥᠷ ᠮᠣᠩᠭᠤᠯ ᠤᠨ ᠠᠩᠬᠠᠳᠤᠭᠠᠷ ᠪᠦᠯᠦᠭ ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ ᠤᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠡᠷᠦᠬᠡ ᠪᠠᠨ ᠰᠡᠬᠦᠵᠦ᠂ ᠥᠪᠥᠷ ᠮᠣᠩᠭᠤᠯ ᠤᠨ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ  ᠦᠢᠯᠡᠴᠢᠯᠡᠭᠡᠨ ᠤ ᠰᠢᠨ᠎ᠡ ᠬᠥᠰᠢᠶ᠎ᠡ ᠶᠢ ᠪᠣᠰᠬᠠᠪᠠ᠃      ᠥᠩᠭᠡᠷᠡᠭᠰᠡᠨ 70 ᠭᠠᠷᠤᠶ ᠵᠢᠯ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠬᠥᠭᠵᠢᠯᠲᠡ ᠶᠢ ᠳᠠᠮᠵᠢᠭᠠᠳ᠂ ᠥᠪᠥᠷ ᠮᠣᠩᠭᠤᠯ ᠨᠢᠭᠡᠨᠲᠡ ᠪᠦᠬᠦ ᠤᠯᠤᠰ ᠤᠨ ᠲᠠᠸᠠᠷ ᠤᠨ ᠠᠮᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ  ᠪᠣᠯᠣᠨ ᠠᠮᠤ ᠪᠤᠳᠠᠭ᠎ᠠ ᠶᠢ ᠴᠡᠪᠡᠷ ᠭᠠᠷᠭᠠᠬᠤ ᠮᠤᠵᠢ ᠣᠷᠣᠨ ᠪᠣᠯᠵᠠᠢ᠂ ᠭᠡᠪᠡᠴᠦ ᠪᠥᠬᠦ ᠣᠷᠣᠨ ᠤ ᠠᠮᠤ ᠪᠤᠳᠠᠭᠠᠨ ᠤ ᠠᠵᠢᠯ ᠲᠦᠷᠦᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠪᠦᠷᠢᠨ ᠲᠡᠭᠦᠯᠳᠡᠷ ᠪᠤᠰᠤ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭ᠎ᠠ ᠦᠢᠯᠡᠴᠢᠯᠡᠭᠡᠨ ᠤ ᠴᠢᠳᠠᠪᠤᠷᠢ ᠨᠡᠯᠢᠶᠡᠳ ᠪᠠᠭᠤᠷᠠᠶ᠂ ᠠᠮᠤ ᠪᠤᠳᠠᠭᠠᠨ ᠤ  ᠬᠤᠷᠢᠶᠠᠯᠲᠠ ᠶᠢᠨ ᠳᠠᠷᠠᠭᠠᠬᠢ ᠰᠦᠢᠳᠦᠯ ᠬᠦᠨᠳᠦ ᠨᠣᠴᠢᠲᠠᠶ ᠪᠠᠶᠢᠨ᠎ᠠ᠃ ᠡᠨᠡ ᠬᠦ ᠲᠤᠪᠤᠶᠢᠮ᠎ᠠ ᠠᠰᠠᠭᠤᠳᠠᠯ ᠢ ᠬᠦᠴᠦᠯᠡᠨ  ᠰᠢᠢᠳᠪᠦᠷᠢᠯᠡᠵᠦ᠂ ᠠᠮᠤ ᠪᠤᠳᠠᠭᠠᠨ ᠤ ᠬᠠᠩᠭᠠᠯᠭ᠎ᠠ ᠶᠢᠨ ᠴᠢᠨᠠᠷᠯᠢᠭ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ 2017 ᠣᠨ ᠠᠴᠠ ᠡᠬᠢᠯᠡᠨ᠂ ᠮᠠᠨ ᠤ ᠣᠷᠣᠨ ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ ᠳᠤ ᠲᠦᠰᠢᠭᠯᠡᠨ᠂ ᠤᠳᠤ ᠪᠠᠶᠢᠭ᠎ᠠ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠮᠢᠳᠤᠯᠢᠭᠵᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ᠂ ᠠᠮᠤ ᠲᠣᠰᠣ  ᠪᠣᠯᠪᠠᠰᠤᠷᠠᠭᠤᠯᠬᠤ ᠠᠵᠤ ᠠᠬᠤᠶᠢᠯᠠᠯ᠂ ᠲᠠᠷᠢᠶᠠᠴᠢᠨ ᠤ ᠲᠤᠰᠬᠠᠶ ᠬᠤᠷᠰᠢᠶ᠎ᠠ ᠪᠠᠷ ᠭᠤᠣᠯ ᠴᠣᠭᠴᠠ ᠪᠣᠯᠭᠠᠨ᠂ ᠨᠢᠭᠡ ᠪᠦᠯᠦᠭ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ ᠢ ᠲᠥᠪᠯᠡᠷᠡᠭᠦᠯᠦᠨ ᠪᠠᠶᠢᠭᠤᠯᠵᠠᠢ᠃      ᠠᠮᠤ ᠪᠤᠳᠠᠭ᠎ᠠ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮᠵᠢ ᠶᠢ ᠪᠦᠲᠦᠭᠡᠨ ᠪᠠᠶᠢᠭᠤᠯᠬᠤ ᠶᠠᠪᠤᠳᠠᠯ ᠪᠣᠯ ᠠᠮᠤ ᠪᠤᠳᠠᠭᠠᠨ ᠤ ᠠᠵᠢᠯ ᠲᠥᠷᠥᠯ ᠤᠨ ᠬᠢᠨ ᠤ ᠤᠯᠤᠰ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠲᠦᠷᠢᠮ ᠤᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠲᠤᠰᠬᠠᠶᠢᠵᠢᠭᠰᠠᠨ ᠡᠵᠡᠩᠨᠡᠯᠲᠡ ᠶᠢᠨ ᠴᠢᠨᠠᠷᠲᠠᠶ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ ᠪᠠᠶᠢᠭᠤᠯᠬᠤ ᠨᠢ ᠲᠠᠷᠢᠶᠠᠴᠢᠨ ᠡᠷᠦᠬᠡ ᠳᠤ ︽ᠣᠷᠣᠯᠠᠨ ᠢᠯᠭᠠᠵᠤ ᠴᠡᠪᠡᠷᠯᠡᠬᠦ᠂ ᠣᠷᠣᠯᠠᠨ ᠬᠠᠲᠠᠭᠠᠬᠤ᠂ ᠣᠷᠣᠯᠠᠨ ᠬᠠᠳᠠᠭᠠᠯᠠᠬᠤ᠂ ᠣᠷᠣᠯᠠᠨ ᠪᠣᠯᠪᠠᠰᠤᠷᠠᠭᠤᠯᠬᠤ᠂ ᠣᠷᠣᠯᠠᠨ ᠪᠣᠷᠣᠯᠠᠭᠤᠯᠬᠤ︾ ᠵᠡᠷᠭᠡ ᠦᠢᠯᠡᠴᠢᠯᠡᠭᠡ ᠬᠠᠩᠭᠠᠵᠤ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠦᠨ᠎ᠡ ᠵᠥᠪᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠮᠤ ᠪᠤᠳᠠᠭᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠵᠡᠷᠭᠡ ᠶᠢ ᠦᠰᠭᠡᠬᠦ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠣᠯᠣᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠴᠤ ᠨᠥᠭᠡᠴᠡᠯᠡᠬᠦ᠂ ᠣᠷᠣᠯᠭ᠎ᠠ ᠪᠠᠨ ᠨᠡᠮᠡᠭᠳᠡᠭᠦᠯᠬᠦ ᠳᠤ ᠨᠢ ᠨᠥᠬᠦᠴᠡᠯ ᠪᠦᠷᠢᠯᠳᠦᠭᠦᠯᠵᠦ ᠥᠭᠬᠦ ᠪᠤᠯᠣᠨ᠎ᠠ᠃  ᠡᠭᠦᠨ ᠤ ᠬᠠᠮᠲᠤ᠂ ᠮᠠᠨ ᠤ ᠣᠷᠣᠨ ᠪᠠᠰᠠ ᠨᠥᠬᠦᠴᠡᠯ ᠪᠦᠬᠦᠢ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠪᠠᠨ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠦᠷ᠎ᠡ᠂ ᠲᠠᠷᠢᠶᠠᠯᠠᠩ ᠤᠨ ᠪᠡᠯᠡ ᠮᠥᠩᠭᠦ ᠪᠣᠯᠣᠨ ᠪᠡᠯᠡ ᠮᠥᠩᠭᠦ ᠶᠢᠨ ᠲᠣᠬᠢᠷᠠᠭᠤᠯᠭ᠎ᠠ᠂ ᠳᠠᠭᠠᠭᠠᠯᠲᠠ ᠬᠢᠬᠦ  ᠦᠢᠯᠡᠴᠢᠯᠡᠭᠡ ᠬᠠᠩᠭᠠᠬᠤ ᠬᠦᠷᠲᠡᠯ᠎ᠡ ᠥᠷᠭᠡᠳᠬᠡᠵᠦ᠂ ᠵᠠᠬᠢᠶᠠᠯᠠᠭ᠎ᠠ ᠶᠢᠨ ᠬᠥᠳᠡᠭᠡ ᠠᠵᠤ ᠠᠬᠤᠢ ᠵᠡᠷᠭᠡ ᠲᠤᠬᠠᠶᠢᠯᠠᠭᠰᠠᠨ ᠠᠵᠢᠯ ᠢ ᠳᠡᠯᠭᠡᠷᠡᠭᠦᠯᠦᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠬᠤ  ᠪᠣᠯᠣᠨ᠎ᠠ᠃      ᠣᠶᠢᠯᠠᠭᠠᠭᠰᠠᠨ ᠢᠶᠠᠷ᠂ ᠪᠦᠬᠦ ᠣᠷᠣᠨ ᠤ ᠡᠯ᠎ᠡ ᠭᠠᠵᠠᠷ ᠣᠷᠣᠨ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ︽13 · 5︾᠎ ᠶᠢᠨ ᠡᠴᠦᠰ ᠢᠶᠠᠷ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠪᠦᠬᠦᠨ ᠳᠤ ᠪᠦᠷᠬᠦᠭᠦᠯᠬᠦ ᠪᠠᠷ ᠬᠦᠴᠦᠯᠡᠨ ᠴᠢᠷᠮᠠᠶᠢᠵᠤ᠂ ᠵᠦᠢᠯ ᠵᠣᠬᠢᠰ ᠲᠠᠢ ᠪᠠᠶᠢᠷᠢᠰᠢᠭᠤᠯᠤᠯ ᠲᠠᠢ᠂ ᠴᠢᠳᠠᠪᠤᠷᠢ ᠨᠢ ᠭᠦᠢᠴᠡᠳ᠂ ᠲᠡᠷᠢᠭᠦᠨ ᠤ ᠪᠡᠯᠡᠳᠬᠡᠮᠵᠢ ᠲᠠᠢ᠂ ᠲᠡᠭᠦᠯᠳᠡᠷ ᠴᠢᠳᠠᠮᠵᠢ ᠲᠠᠢ  ᠂ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭ᠎ᠠ ᠰᠢᠢᠳᠪᠦᠷᠢᠯᠡᠬᠦ ᠳᠤ ᠬᠡᠷᠡᠭᠴᠡᠭᠡ ᠪᠦᠬᠦᠢ ᠰᠢᠨ᠎ᠡ ᠮᠠᠶ᠋ᠢᠭ ᠤᠨ ᠨᠡᠶᠢᠭᠡᠮᠴᠢᠯᠡᠭᠰᠡᠨ᠂ ᠲᠤᠰᠬᠠᠶᠢᠵᠢᠭᠰᠠᠨ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠲᠤᠰᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号