ᠥᠪᠥᠷ ᠮᠣᠩᠭᠤᠯ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠤᠰᠬᠠᠶ ᠠᠵᠢᠯᠲᠠᠨ ᠡᠯᠰᠡᠬᠦ ᠬᠤᠷᠠᠯ 1900 ᠰᠢᠬᠠᠮ ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2018/10/19
      2018 ᠣᠨ ᠤ ᠥᠪᠥᠷ ᠮᠣᠩᠭᠤᠯ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠡᠳᠦᠷ ᠤᠨ ᠲᠤᠰᠬᠠᠶ ᠠᠵᠢᠯᠲᠠᠨ ᠡᠯᠰᠡᠬᠦ ᠬᠤᠷᠠᠯ ᠨᠢ 10 ᠳ᠋ᠤᠭᠠᠷ ᠰᠠᠷ᠎ᠠ ᠶᠢᠨ 17᠎ ᠤ ᠡᠳᠦᠷ ᠬᠥᠬᠡᠬᠤᠲᠠ ᠳᠤ ᠶᠠᠪᠤᠭᠳᠠᠵᠤ᠂ ᠥᠷᠭᠡᠨ ᠣᠯᠠᠨ ᠠᠵᠢᠯ ᠡᠷᠢᠭᠴᠢᠳ ᠲᠤ 1900 ᠰᠢᠬᠠᠮ ᠠᠵᠢᠯ ᠤᠨ ᠪᠠᠶᠢᠷᠢ ᠬᠠᠩᠭᠠᠵᠠᠢ᠃ ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠡᠯᠰᠡᠯᠲᠡ ᠶᠢᠨ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠭᠤᠤᠯᠯᠠᠨ ᠡᠷᠭᠢᠯᠡᠵᠦ᠂ ︽ᠠᠵᠢᠯᠲᠠᠨ ᠡᠯᠰᠡᠬᠦ ᠬᠤᠷᠠᠯ ᠢᠶᠠᠷ ᠶᠠᠳᠠᠭᠤ ᠠᠴᠠ ᠠᠩᠭᠢᠵᠢᠷᠠᠭᠤᠯᠬᠤ︾᠎ ᠢᠶᠠᠷ ᠭᠤᠣᠯ ᠰᠡᠳᠦᠪ ᠪᠣᠯᠭᠠᠵᠤ᠂ 53 ᠬᠥᠮᠥᠨ ᠬᠡᠷᠡᠭᠯᠡᠬᠦ ᠨᠢᠭᠡᠴᠢ ᠶᠢ ᠵᠣᠬᠢᠶᠠᠨ ᠪᠠᠶᠢᠭᠤᠯᠵᠤ᠂ 1862 ᠠᠵᠢᠯ ᠤᠨ ᠪᠠᠶᠢᠷᠢ ᠬᠠᠩᠭᠠᠪᠠ᠃ ᠡᠭᠦᠨ ᠳᠤ᠂ ᠺᠣᠮᠫᠢᠦ᠋ᠲ᠋ᠧᠷ᠂ ᠢᠨᠲ᠋ᠧᠷ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠷᠥᠯ ᠤᠨ ᠠᠵᠢᠯ ᠤᠨ ᠪᠠᠶᠢᠷᠢ 19 %᠎ ᠶᠢ ᠡᠵᠡᠯᠡᠵᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠨᠡᠶᠢᠲᠡ ᠶᠢᠨ ᠬᠠᠷᠢᠴᠠᠭ᠎ᠠ᠂ ᠪᠣᠷᠣᠯᠠᠭᠤᠯᠭ᠎ᠠ ᠶᠢᠨ ᠲᠥᠷᠥᠯ ᠤᠨ ᠠᠵᠢᠯ ᠤᠨ ᠪᠠᠶᠢᠷᠢ ᠪᠠᠷᠤᠭ 19%᠎ ᠶᠢ ᠡᠵᠡᠯᠡᠵᠦ᠂ ᠭᠡᠷ ᠪᠠᠶᠢᠰᠢᠩ ᠭᠠᠵᠠᠷ ᠬᠦ᠋ᠷᠦᠩᠭᠡ ᠶᠢᠨ ᠨᠡᠭᠡᠭᠡᠨ ᠬᠥᠭᠵᠢᠭᠦᠯᠦᠯᠲᠡ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠥᠷᠥᠯ ᠤᠨ ᠠᠵᠢᠯ ᠎ ᠤᠨ ᠪᠠᠶᠢᠷᠢ 6%᠎ ᠶᠢ ᠡᠵᠡᠯᠡᠪᠡ᠃      ᠥᠪᠥᠷ ᠮᠣᠩᠭᠤᠯ ᠪᠠᠰᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠠᠳᠠᠭᠤ ᠬᠦᠴᠢᠷᠳᠡᠯᠲᠡᠶ ᠬᠥᠮᠦᠰ ᠤᠨ ᠲᠤᠰᠬᠠᠶ ᠠᠵᠢᠯᠲᠠᠨ ᠡᠯᠰᠡᠬᠦ ᠬᠤᠷᠠᠯ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠠᠵᠢᠯ ᠡᠷᠢᠬᠦ ᠬᠡᠲᠦ ᠳᠡᠯᠭᠡᠭᠦᠷ᠂ ᠴᠢᠳᠠᠪᠤᠷᠢᠲᠠᠨ ᠤ E ᠥᠷᠲᠡᠭᠡ ᠂ ᠰᠢᠯᠵᠢᠮᠡᠯ ᠦᠵᠦᠭᠦᠷᠯᠢᠭ ᠵᠡᠷᠭᠡ ᠶᠢ ᠭᠦᠢᠴᠡᠳ ᠠᠰᠢᠭᠯᠠᠨ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠂ ᠲᠥᠷᠥ ᠶᠢᠨ ᠪᠤᠳᠤᠯᠭ᠎ᠠ ᠨᠡᠶᠢᠲᠡᠯᠡᠬᠦ᠂ ᠠᠵᠢᠯ ᠤᠨ ᠪᠠᠶᠢᠷᠢ ᠶᠢᠨ ᠮᠡᠳᠡᠭᠡ ᠵᠠᠩᠭᠢ᠂ ᠰᠦᠯᠵᠢᠶ᠎ᠡ ᠪᠠᠷ ᠠᠵᠢᠯᠲᠠᠨ ᠡᠯᠰᠡᠬᠦ᠂ ᠠᠯᠤᠰ ᠠᠴᠠ ᠨᠢᠭᠤᠷᠳᠠᠨ ᠰᠢᠯᠭᠠᠬᠤ᠂ ᠵᠢᠯᠣᠭᠤᠳᠣᠯᠭ᠎ᠠ ᠬᠢᠬᠦ ᠪᠠ ᠵᠥᠪᠯᠡᠯᠭᠡ ᠥᠭᠬᠦ ᠵᠡᠷᠭᠡ ᠠᠵᠢᠯ ᠣᠯᠭᠤᠬᠤ ᠦᠢᠯᠡᠴᠢᠯᠡᠭᠡᠨ ᠬᠠᠩᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ ᠠᠵᠢᠯ ᠡᠷᠢᠵᠦ ᠪᠠᠶᠢᠭ᠎ᠠ ᠬᠥᠮᠦᠰ ᠤᠨ ᠣᠶᠤᠨᠴᠢ ᠪᠠᠷ ᠠᠵᠢᠯ ᠡᠷᠢᠬᠦ᠂ ᠬᠥᠮᠦᠨ ᠬᠡᠷᠡᠭᠯᠡᠬᠦ ᠨᠢᠭᠡᠴᠢ ᠨᠦᠭᠦᠳ ᠤᠨ ᠢᠳᠡᠪᠬᠢᠲᠡᠶ ᠪᠠᠷ ᠠᠵᠢᠯᠲᠠᠨ ᠡᠯᠰᠡᠬᠦ ᠶᠢ ᠬᠥᠲᠥᠯᠥᠨ ᠵᠢᠯᠣᠭᠤᠳᠴᠤ᠂ ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠣᠯᠵᠤ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠬᠤ ᠶᠢ ᠤᠯᠠᠨ ᠠᠷᠭ᠎ᠠ ᠵᠠᠮ ᠢᠶᠠᠷ ᠬᠠᠪᠰᠤᠷᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号