︽ᠦᠪᠦᠷ ᠮᠤᠩᠭᠤᠯ ᠤᠨ ᠦᠨᠦᠷ ᠠᠮᠳᠡ — ᠦᠪᠦᠷ ᠮᠤᠩᠭᠤᠯ ᠤᠨ ᠪᠤᠬᠢᠷᠳᠤᠯ ᠦᠬᠡᠢ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠲᠡᠯᠬᠡᠨ ᠦᠵᠡᠭᠦᠯᠦᠯᠭᠡ ᠰᠤᠯᠢᠯᠴᠠᠭᠠᠨ ᠤ ᠬᠤᠷᠠᠯ︾ ᠎ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018/10/19
     10 ᠳ᠋ᠤᠭᠠᠷ ᠰᠠᠷ᠎ᠡ ᠶᠢᠨ 18᠎ ᠤ ᠡᠳᠤᠷ᠂ ︽ᠦᠪᠦᠷ ᠮᠤᠩᠭᠤᠯ ᠤᠨ ᠦᠨᠦᠷ ᠠᠮᠳᠡ — ᠦᠪᠦᠷ ᠮᠤᠩᠭᠤᠯ ᠤᠨ ᠪᠤᠬᠢᠷᠳᠤᠯ ᠦᠬᠡᠢ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠳᠦᠬᠡᠭᠳᠡᠬᠦᠨ ᠤ ᠲᠡᠯᠬᠡᠨ ᠦᠵᠡᠭᠦᠯᠦᠯᠭᠡ ᠰᠤᠯᠢᠯᠴᠠᠭᠠᠨ ᠤ ᠬᠤᠷᠠᠯ︾᠎ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠦᠬᠡᠬᠤᠳᠡ ᠳᠤ ᠬᠤᠷᠠᠯᠳᠤᠵᠤ᠂ ᠲᠤᠰ ᠠᠵᠢᠯᠯᠠᠭ᠎ᠠ 10 ᠳ᠋ᠤᠭᠠᠷ ᠰᠠᠷ᠎ᠡ ᠶᠢᠨ 31᠎ ᠤ ᠡᠳᠤᠷ ᠠᠴᠠ 11 ᠳ᠋ᠦ᠋ᠭᠡᠷ ᠰᠠᠷ᠎ᠡ ᠶᠢᠨ 4᠎ ᠤ ᠡᠳᠤᠷ ᠪᠤᠯᠳᠠᠯ᠎ᠡ ᠭᠤᠸᠠᠩᠵᠸᠤ ᠬᠤᠳᠡ ᠳᠤ ᠶᠠᠪᠤᠬᠳᠠᠬᠤ ᠶᠢ ᠨᠡᠶᠢᠳᠡᠯᠡᠪᠡ᠃      ᠤᠶᠢᠯᠠᠭᠠᠬᠰᠠᠨ ᠢᠶᠠᠷ᠂ ᠲᠤᠰ ᠠᠵᠢᠯᠯᠠᠭ᠎ᠠ ᠶᠢ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠠᠴᠠ ᠨᠢᠬᠡᠳᠤᠯᠳᠡᠢ ᠪᠠᠶᠢᠷᠢᠯᠠᠭᠤᠯᠵᠤ᠂ ᠦᠪᠦᠷ ᠮᠤᠩᠭᠤᠯ ᠤᠨ ᠬᠤᠳᠠᠯᠳᠤᠭᠠᠨ ᠤ ᠶᠡᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠵᠢᠭᠤᠯᠴᠢᠯᠠᠯ ᠤᠨ ᠬᠦᠭᠵᠢᠬᠦᠯᠦᠯᠳᠡ ᠶᠢᠨ ᠵᠦᠪᠯᠡᠯ᠂ ᠰᠤᠶᠤᠯ ᠤᠨ ᠲᠢᠩᠬᠢᠮ ᠠᠴᠠ ᠬᠠᠮᠳᠤᠷᠠᠨ ᠵᠤᠬᠢᠶᠠᠨ ᠪᠠᠶᠢᠭᠤᠯᠵᠤ᠂ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠪᠤᠬᠢᠷᠳᠤᠯ ᠦᠬᠡᠢ ᠢᠳᠡᠬᠡᠨ︾ ᠬᠡᠳᠡᠭ ᠢᠶᠠᠷ ᠭᠤᠤᠯ ᠰᠡᠳᠤᠪ ᠢᠶᠠᠨ ᠪᠤᠯᠭᠠᠬᠰᠠᠨ ᠶᠤᠮ᠃ ᠲᠤᠰ ᠠᠵᠢᠯᠯᠠᠭ᠎ᠠ ᠨᠢ ᠶᠡᠷᠤᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠡ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠦᠷᠦᠯ ᠲᠡᠮᠳᠡᠭᠳᠤ ᠶᠢᠨ ᠪᠦᠳᠦᠬᠡᠨ ᠪᠠᠶᠢᠭᠤᠯᠤᠯᠳᠡ᠂ ᠰᠤᠯᠢᠯᠴᠠᠭ᠎ᠠ ᠪᠠᠨ ᠠᠬᠢᠭᠤᠯᠬᠤ᠂ ᠦᠷ᠎ᠡ ᠪᠦᠳᠦᠮᠵᠢ ᠪᠠᠨ ᠲᠡᠬᠡᠭᠰᠢᠯᠡᠬᠦᠯᠬᠦ᠂ ᠠᠷᠠᠯᠵᠢᠶ᠎ᠡ ᠬᠤᠳᠠᠯᠳᠤᠭ᠎ᠠ ᠶᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠡᠢ᠃      ᠲᠤᠰ ᠤᠳᠠᠭᠠᠨ ᠤ ᠰᠤᠯᠢᠯᠴᠠᠭᠠᠨ ᠤ ᠬᠤᠷᠠᠯ ᠳᠤ᠂ ᠦᠪᠦᠷ ᠮᠤᠩᠭᠤᠯ ᠤᠨ ᠪᠤᠬᠢᠷᠳᠤᠯ ᠦᠬᠡᠢ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠲᠡᠯᠬᠡᠨ ᠪᠤᠷᠤᠯᠠᠭᠤᠯᠭ᠎ᠠ᠂ ᠰᠤᠶᠤᠯ ᠵᠢᠭᠤᠯᠴᠢᠯᠠᠯ ᠤᠨ ᠶᠡᠷᠤᠩᠬᠡᠶᠢᠯᠡᠭᠰᠡᠨ ᠲᠡᠯᠬᠡᠨ ᠦᠵᠡᠭᠦᠯᠦᠯᠭᠡ᠂ ᠠᠮᠳᠠᠳᠤ ᠢᠳᠡᠬᠡᠨ ᠢ ᠠᠮᠳᠠᠯᠠᠬᠤ ᠵᠢᠴᠢ ᠪᠡᠶᠡᠳᠡᠨ ᠤᠷᠤᠯᠴᠠᠬᠤ᠂ ᠬᠡᠷᠡᠭᠯᠡᠭᠴᠢᠤᠨ ᠪᠤᠯᠤᠨ ᠠᠵᠤ ᠠᠬᠤᠶᠢᠯᠠᠯ ᠤᠨ ᠦᠢᠯᠡᠳᠪᠤᠷᠢᠯᠡᠯ ᠪᠤᠷᠤᠯᠠᠭᠤᠯᠭ᠎ᠠ ᠶᠢᠨ ᠵᠤᠯᠭᠠᠯᠴᠠᠭ᠎ᠠ ᠶᠢ ᠠᠬᠢᠭᠤᠯᠬᠤ ᠬᠤᠷᠠᠯ ᠵᠡᠷᠬᠡ ᠤᠯᠠᠨ ᠠᠭᠤᠯᠭ᠎ᠠ ᠶᠢ ᠲᠤᠬᠢᠷᠠᠭᠤᠯᠪᠡ᠃ ᠮᠦᠨ ︽ᠲᠦᠷᠦᠯ ᠲᠡᠮᠳᠡᠭᠳᠤ ᠶᠢᠨ ᠪᠦᠳᠦᠬᠡᠨ ᠪᠠᠶᠢᠭᠤᠯᠤᠯᠳᠡ᠂ ᠦᠷ᠎ᠡ ᠪᠦᠳᠦᠮᠵᠢ ᠪᠠᠨ ᠲᠡᠬᠡᠭᠰᠢᠯᠡᠬᠦᠯᠬᠦ᠂ ᠠᠷᠠᠯᠵᠢᠶ᠎ᠡ ᠬᠤᠳᠠᠯᠳᠤᠭ᠎ᠠ ᠶᠢ ᠠᠬᠢᠭᠤᠯᠬᠤ︾᠎ ᠪᠠᠷ ᠭᠤᠤᠯ ᠰᠡᠳᠤᠪ ᠢᠶᠠᠨ ᠪᠤᠯᠭᠠᠬᠰᠠᠨ ᠪᠤᠬᠢᠷᠳᠤᠯ ᠦᠬᠡᠢ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠲᠡᠯᠬᠡᠨ ᠦᠵᠡᠭᠦᠯᠦᠯᠭᠡ᠂ ︽ᠬᠤᠷᠸ᠎ᠡ ᠳᠤ ᠬᠤᠤᠰ ᠦᠬᠡᠢ ᠭᠠᠵᠡᠷ ᠤᠷᠤᠨ᠂ ᠦᠪᠡᠷᠮᠢᠴᠠ ᠤᠨᠴᠠᠯᠢᠬᠳᠤ ᠦᠨᠦᠷ ᠠᠮᠳᠡ︾᠎ ᠪᠠᠷ ᠭᠤᠤᠯ ᠰᠡᠳᠤᠪ ᠢᠶᠠᠨ ᠪᠤᠯᠭᠠᠬᠰᠠᠨ ᠵᠢᠭᠤᠯᠴᠢᠯᠠᠯ ᠵᠢᠴᠢ ᠠᠮᠳᠠᠳᠤ ᠢᠳᠡᠬᠡᠨ ᠠᠴᠠ ᠠᠮᠰᠠᠬᠤ ᠠᠵᠢᠯᠯᠠᠭ᠎ᠠ᠂ ︽ᠬᠠᠮᠤᠭ ᠤᠨ ᠤᠶᠢᠷ᠎ᠡ ᠵᠠᠢ · ᠲᠠᠯ᠎ᠡ ᠨᠤᠳᠤᠭ ᠤᠨ ᠠᠮᠳᠡ ᠶᠢ ᠮᠡᠳᠡᠷᠡᠬᠦᠢ︾᠎ ᠪᠠᠷ ᠭᠤᠤᠯ ᠰᠡᠳᠤᠪ ᠎ ᠢᠶᠠᠨ ᠪᠤᠯᠭᠠᠬᠰᠠᠨ ᠰᠤᠶᠤᠯ ᠤᠨ ᠲᠡᠯᠬᠡᠨ ᠦᠵᠡᠭᠦᠯᠦᠯᠭᠡ ᠵᠡᠷᠬᠡ ᠭᠤᠷᠪᠠᠨ ᠲᠤᠮᠤ ᠬᠡᠰᠡᠭ ᠲᠤ ᠬᠤᠪᠢᠶᠠᠬᠳᠠᠨ ᠶᠠᠪᠤᠬᠳᠠᠬᠤ ᠪᠠᠷ ᠪᠠᠶᠢᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号