ᠪᠤᠭᠤᠲᠤ ᠬᠤᠲᠠ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠶᠡᠭᠡ ᠪᠠᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/10/19
     ᠣᠶᠢᠷ᠎ᠠ ᠶᠢᠨ ᠵᠢᠯ ᠤᠳ ᠲᠤ᠂ ᠪᠤᠭᠤᠲᠤ ᠬᠤᠲᠠ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠩᠭᠠᠷᠠᠭᠤᠯᠵᠤ᠂ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠶᠡᠭᠡ ᠪᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠪᠠ᠃      ᠣᠳᠣᠬᠠᠨ ᠪᠣᠯᠲᠠᠯ᠎ᠠ᠂ ᠪᠤᠭᠤᠲᠤ ᠬᠤᠳᠠ ᠲᠠᠷᠢᠶᠠᠯᠠᠩ ᠤᠨ ᠣᠷᠣᠨ ᠨᠤᠲᠤᠭ ᠤᠨ ᠪᠠᠷᠢᠮᠵᠢᠶ᠎ᠠ ᠶᠢᠨ 50 ᠵᠦᠢᠯ ᠢ ᠲᠤᠭᠲᠠᠭᠠᠭᠰᠠᠨ ᠪᠠ ᠵᠠᠰᠠᠪᠤᠷᠢ ᠤᠷᠤᠭᠤᠯᠵᠤ᠂ ᠲᠥᠮᠥᠰᠥ᠂ ᠢᠳᠡᠰᠢᠨ ᠨᠣᠭᠤᠭ᠎ᠠ᠂ ᠵᠢᠮᠢᠰ᠂ ᠮᠠᠯ ᠵᠢᠭᠦᠷᠲᠡᠨ ᠤᠰᠤᠨ ᠭᠠᠷᠤᠯᠲᠠ ᠲᠠᠷᠢᠬᠤ ᠲᠡᠵᠢᠭᠡᠨ ᠦᠷᠡᠵᠢᠭᠦᠯᠬᠦ  ᠮᠡᠷᠭᠡᠵᠢᠯ᠂ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ᠂ ᠵᠠᠯᠭᠠᠬᠤ ᠮᠡᠷᠭᠡᠵᠢᠯ᠂ ᠬᠦᠯᠡᠮᠵᠢ᠂ ᠲᠤᠮᠤ ᠰᠠᠷᠠᠪᠴᠢ ᠪᠠᠶᠢᠭᠤᠯᠬᠤ ᠮᠡᠷᠭᠡᠵᠢᠯ᠂ ᠪᠡᠯᠡᠳᠭᠡᠮᠵᠢᠳᠦ ᠵᠢᠮᠢᠰ ᠨᠣᠭᠤᠭ᠎ᠠ ᠶᠢᠨ ᠬᠦᠷᠢᠶᠡᠯᠡᠩ ᠤᠨ ᠦᠶᠯᠡᠴᠢᠯᠡᠭᠡᠨ ᠤ ᠵᠢᠷᠤᠮᠵᠢᠯ ᠵᠢᠴᠢ ᠮᠦᠷᠳᠡᠨ ᠠᠵᠢᠯᠯᠠᠬᠤ ᠪᠠ ᠣᠷᠣᠭᠤᠯᠤᠯᠲᠠ ᠶᠢᠨ ᠪᠣᠳᠠᠰ ᠤᠨ ᠦᠢᠯᠡᠳᠪᠦᠷᠢᠯᠡᠬᠦ ᠪᠣᠷᠣᠯᠠᠭᠤᠯᠬᠤ ᠬᠡᠷᠡᠭᠯᠡᠬᠦ ᠵᠢᠷᠤᠮᠵᠢᠯ ᠤᠨ ᠬᠠᠮᠢᠶᠠᠷᠤᠯᠲᠠ ᠲᠠᠢ ᠬᠤᠯᠪᠤᠭᠳᠠᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ 10 ᠶᠡᠭᠡ ᠠᠵᠢᠯᠯᠠᠭᠠᠨ ᠢ ᠡᠬᠢᠯᠡᠭᠦᠯᠬᠦ ᠲᠤᠬᠠᠶ ᠲᠥᠯᠥᠪᠯᠡᠭᠡ︾᠎ ᠶᠢᠨ ᠱᠠᠭᠠᠷᠳᠠᠯᠭ᠎ᠠ ᠶᠤᠰᠤᠭᠠᠷ᠂ ᠶᠠᠭ ᠵᠠᠰᠠᠪᠤᠷᠢ ᠣᠷᠣᠭᠤᠯᠤᠨ ᠨᠦᠬᠦᠪᠦᠷᠢᠯᠡᠨ ᠪᠦᠷᠢᠨᠰᠢᠭᠦᠯᠵᠦ ᠪᠠᠶᠢᠭ᠎ᠠ ᠲᠠᠷᠢᠶᠠᠯᠠᠩ ᠤᠨ ᠪᠠᠷᠢᠮᠵᠢᠶ᠎ᠠ ᠪᠠᠰᠠ 100 ᠭᠠᠷᠤᠢ ᠵᠦᠢᠯ ᠪᠠᠶᠢᠵᠤ᠂ ᠡᠨᠡ ᠨᠢ ᠲᠠᠷᠢᠶᠠᠯᠠᠩ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠲᠡᠶ ᠠᠬᠢᠭᠤᠯᠬᠤ ᠪᠤᠯᠤᠨ᠎ᠠ᠃      ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠳᠤᠬᠠᠨ ᠳᠤ ᠶᠠᠭ ᠬᠠᠮᠠᠭᠠᠯᠠᠯᠲᠠ ᠶᠢᠨ ᠭᠠᠵᠠᠷ ᠤᠨ ᠢᠳᠡᠰᠢᠨ ᠨᠤᠭᠤᠭ᠎ᠠ ᠪᠠᠷ ᠭᠤᠣᠯᠳᠠᠯᠭ᠎ᠠ ᠪᠣᠯᠭᠠᠭᠰᠠᠨ ᠪᠡᠯᠡᠳᠭᠡᠮᠵᠢᠳᠤ ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 18᠂ ᠡᠷᠳᠡᠨᠢ ᠰᠢᠰᠢ᠂ ᠲᠥᠮᠥᠰᠥ᠂ ᠰᠢᠰᠢ᠂ ᠰᠢᠬᠢᠷ ᠤᠨ ᠮᠠᠨᠵᠢᠨ ᠵᠡᠷᠭᠡ ᠪᠠᠷ ᠭᠤᠣᠯᠳᠠᠯᠭ᠎ᠠ ᠪᠣᠯᠭᠠᠭᠰᠠᠨ ᠲᠦᠮᠡᠨ ᠮᠥ ᠲᠠᠷᠢᠮᠠᠯ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 12᠂ ᠰᠠᠭᠠᠯᠢ ᠶᠢᠨ ᠦᠨᠢᠶ᠎ᠡ᠂ ᠢᠳᠡᠰᠢᠨ ᠬᠤᠨᠢ᠂ ᠭᠠᠭ᠋ᠠᠢ ᠪᠠᠷ ᠭᠤᠣᠯᠳᠠᠯᠭ᠎ᠠ ᠪᠤᠯᠭᠠᠭᠰᠠᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 40᠎ ᠶᠢ ᠪᠠᠶᠢᠭᠤᠯᠤᠭᠠᠳ ᠪᠠᠶᠢᠨ᠎ᠠ᠃ ᠲᠦᠮᠡᠳ ᠪᠠᠷᠠᠭᠤᠨ ᠬᠤᠰᠢᠭᠤᠨ ᠤ ᠪᠤᠬᠢᠷᠳᠤᠯ ᠦᠭᠡᠢ ᠡᠷᠳᠡᠨᠢ ᠰᠢᠰᠢ ᠶᠢᠨ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ 20 ᠲᠦᠮᠡᠨ ᠮᠥ᠂ ᠳ᠋ᠦᠩ ᠾᠧ ᠢᠳᠡᠰᠢᠨ ᠨᠤᠭᠤᠭ᠎ᠠ ᠶᠢᠨ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ 5 ᠲᠦᠮᠡᠨ ᠮᠥ ᠪᠠᠶᠢᠨ᠎ᠠ᠃      ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶᠠᠲᠤ︾ ᠪᠦᠲᠦᠭᠡᠭᠳᠡᠭᠦᠨ ᠢ ᠶᠡᠬᠡᠪᠡᠷ ᠬᠦᠭᠵᠢᠭᠦᠯᠵᠦ ᠪᠠᠶᠢᠨ᠎ᠠ᠃ ᠣᠳᠣᠬᠠᠨ ᠪᠣᠯᠲᠠᠯ᠎ᠠ᠂ ᠦᠨᠡᠯᠡᠨ ᠭᠡᠷᠡᠴᠢᠯᠡᠭᠦᠯᠦᠭᠰᠡᠨ ᠪᠦᠲᠦᠭᠡᠭᠳᠡᠬᠦᠨ ᠨᠡᠶᠢᠲᠡ 389 ᠪᠠᠶᠢᠨ᠎ᠠ᠂ ᠡᠭᠦᠨ ᠳᠤ ᠨᠡᠶᠢᠲᠡ ᠶᠢᠨ ᠬᠦᠨᠦᠭᠡᠯ ᠦᠭᠡᠢ ᠲᠠᠷᠢᠶᠠᠯᠠᠩ ᠤᠨ ᠪᠦᠲᠦᠭᠡᠭᠳᠡᠬᠦᠨ 291᠂ ᠪᠣᠬᠢᠷᠲᠤᠯ ᠦᠭᠡᠶ ᠢᠳᠡᠭᠡᠨ 87᠂ ᠣᠷᠭᠠᠨᠢᠭ ᠢᠳᠡᠭᠡᠨ ᠤ ᠵᠦᠶᠯ 8᠂ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ 3 ᠪᠠᠶᠢᠵᠤ᠂ ᠶᠡᠷᠦᠩᠬᠡᠶ ᠬᠤᠷᠢᠶᠠᠯᠲᠠ ᠨᠢ 40 ᠲᠦᠮᠡᠨ ᠲᠣᠨ ᠳᠤ ᠬᠦᠷᠴᠦ᠂ ᠪᠠᠷᠤᠭ ᠶᠡᠷᠦᠩᠬᠡᠶ ᠬᠠᠩᠭᠠᠯᠭ᠎ᠠ ᠶᠢᠨ ᠬᠡᠮᠵᠢᠶ᠎ᠡ ᠶᠢᠨ 14%᠎ ᠢ ᠡᠵᠡᠯᠡᠵᠦ ᠪᠠᠶᠢᠨ᠎ᠠ᠃ ᠡᠨᠡ ᠵᠢᠯ᠂ ᠪᠤᠭᠤᠲᠤ ᠬᠤᠲᠠ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠮᠠᠭᠠᠳᠯᠠᠨ ᠲᠤᠭᠲᠠᠭᠠᠭᠰᠠᠨ ᠦᠶᠯᠡᠳᠬᠦᠨ ᠤ ᠰᠢᠯᠭᠠᠨ ᠪᠠᠶᠢᠴᠠᠭᠠᠬᠤ ᠰᠦᠢᠳᠬᠡᠯ ᠤᠨ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾᠎ ᠶᠢᠨ ᠦᠨᠡᠯᠡᠨ ᠭᠡᠷᠡᠴᠢᠯᠡᠬᠦ ᠬᠡᠪᠴᠢᠶ᠎ᠡ ᠶᠢ ᠦᠳᠲᠡᠷ ᠲᠦᠷᠭᠡᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠦᠨᠡᠯᠡᠨ ᠭᠡᠷᠡᠴᠢᠯᠡᠭᠦᠯᠦᠭᠰᠡᠨ ᠪᠦᠲᠦᠭᠡᠭᠳᠡᠬᠦᠨ ᠤ ᠭᠠᠷᠤᠯᠲᠠ ᠶᠢ ᠪᠦᠬᠦ ᠬᠤᠲᠠ ᠶᠢᠨ ᠠᠳᠠᠯᠢ ᠲᠥᠷᠥᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ 30%᠎ ᠳᠤ ᠬᠦᠷᠦᠭᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号