ᠪᠦᠬᠦ ᠤᠷᠤᠠ ᠤ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢᠨ ᠵᠢᠱᠢᠶ᠎ᠠ ᠦᠵᠡᠭᠦᠯᠬᠦ ᠬᠤᠰᠢᠭᠤ ᠰᠢᠶᠠᠠ ︵ᠬᠤᠲᠠ᠂ ᠲᠤᠭᠤᠷᠢᠭ︶᠎ ᠤ ᠲᠤᠷᠰᠢᠯᠭ᠎ᠠ ᠰᠤᠯᠢᠯᠴᠠᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄
2018/10/22
     10 ᠳ᠋ᠤᠭᠠᠷ ᠰᠠᠷ᠎ᠠ ᠶᠢᠨ 19᠎ ᠤ ᠡᠲᠦᠷ᠂ ᠪᠦᠬᠦ ᠤᠷᠤᠨ ᠤ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢᠨ ᠵᠢᠱᠢᠶ᠎ᠠ ᠦᠵᠡᠭᠦᠯᠬᠦ ᠬᠤᠰᠢᠭᠤ ᠰᠢᠶᠠᠠ ︵ᠬᠤᠲᠠ᠂ ᠲᠤᠭᠤᠷᠢᠭ︶᠎ ᠤ ᠲᠤᠷᠰᠢᠯᠭ᠎ᠠ ᠰᠤᠯᠢᠯᠴᠠᠬᠤ ᠲᠤᠬᠠᠢ ᠶᠢᠨ ᠲᠠᠯᠠᠪᠠᠢ ᠶᠢᠨ ᠬᠤᠷᠠᠯ ᠤᠷᠲᠤᠰ ᠬᠤᠲᠠ ᠳᠤ ᠬᠤᠷᠠᠯᠲᠤᠵᠠᠢ᠃ ᠬᠤᠷᠠᠯ ᠠᠴᠠ ᠬᠠᠤᠯᠢᠵᠢᠯ ᠎ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠪᠠ ᠲᠤᠷᠰᠢᠯᠭ᠎ᠠ ᠶᠢ ᠳ᠋ᠦᠩᠨᠡᠡ ᠰᠤᠯᠢᠯᠴᠠᠵᠦ᠂ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢᠨ ᠭᠤᠤᠯ ᠠᠵᠢᠯ ᠢ ᠰᠤᠲᠤᠯᠤᠨ ᠪᠠᠶᠢᠷᠢᠯᠠᠭᠤᠯᠵᠠᠢ᠃      ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠲᠤᠲᠤᠭᠠᠲᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠶᠠᠩ ᠸᠧᠢ ᠳ᠋ᠦᠩ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠪᠠ᠃      ᠶᠠᠩ ᠸᠧᠢ ᠳ᠋ᠦᠩ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠶᠢ ᠪᠠᠷᠢᠮᠲᠠᠯᠠᠠ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠬᠠᠤᠯᠢᠵᠢᠯ ᠤᠨ ᠵᠠᠰᠠᠭ ᠤᠨ ᠤᠷᠲᠤᠨ ᠢ ᠲᠦᠷᠭᠡᠡ ᠪᠠᠶᠢᠭᠤᠯᠬᠤ ᠡᠬᠦᠷᠭᠡᠳᠤ ᠰᠡᠳᠬᠢᠯᠭᠡ ᠪᠤᠯᠤᠨ ᠬᠠᠷᠢᠭᠤᠴᠠᠯᠭᠠᠲᠦ ᠰᠡᠳᠭᠢᠯᠭᠡ ᠶᠢ ᠦᠨᠡᠡ ᠬᠦ ᠴᠢᠩᠭᠠᠳᠬᠠᠵᠦ᠂ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢᠨ ᠡᠯ᠎ᠠ ᠵᠦᠢᠯ ᠤᠨ ᠭᠤᠤᠯ ᠡᠬᠦᠷᠭᠡ ᠎ ᠶᠢ ᠪᠦᠬᠦ ᠲᠠᠯ᠎ᠠ ᠪᠠᠷ ᠠᠬᠢᠭᠤᠯᠵᠦ᠂ ᠵᠠᠰᠠᠭ ᠤᠨ ᠤᠷᠲᠤᠨ ᠤ ᠡᠯ᠎ᠠ ᠵᠦᠢᠯ ᠤᠨ ᠠᠵᠢᠯ ᠢ ᠬᠠᠤᠯᠢᠵᠢᠯ ᠤᠨ ᠵᠠᠮ ᠳᠤ ᠡᠷᠡᠰ ᠭᠤᠶᠢᠪᠢᠰᠢ ᠦᠭᠡᠢ ᠤᠷᠤᠭᠤᠯᠬᠤ ᠭᠡᠷᠡᠭᠲᠡᠢ ᠭᠡᠪᠠ᠃      ᠬᠤᠷᠠᠯ ᠤᠨ ᠬᠤᠭᠤᠴᠠᠭᠠᠠ ᠳᠤ᠂ ᠬᠤᠷᠠᠯ ᠳᠤ ᠤᠷᠤᠯᠴᠠᠭᠰᠠᠳ ᠡᠵᠡᠡ ᠬᠤᠷᠤᠭ᠎ᠠ ᠬᠤᠰᠢᠭᠤ ᠶᠢᠨ ᠬᠠᠤᠯᠢᠵᠢᠯ ᠎ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢᠨ ᠦᠵᠡᠭᠦᠯᠦᠭᠡ ᠶᠢᠨ ᠲᠢᠩᠭᠢᠮ ᠵᠡᠷᠭᠡ ᠲᠤᠷᠰᠢᠯᠭ᠎ᠠ ᠰᠤᠯᠢᠯᠴᠠᠬᠤ ᠦᠵᠡᠭᠦᠯᠦᠭᠡ ᠶᠢᠨ ᠴᠡᠭ ᠢ ᠲᠤᠭᠤᠷᠢᠨ ᠦᠵᠡᠵᠦ᠂ ᠬᠦᠭᠡᠬᠤᠲᠠ ᠶᠢᠨ ᠰᠢᠨ᠎ᠠ ᠬᠤᠲᠠ ᠲᠤᠭᠤᠷᠢᠭ ᠵᠡᠷᠭᠡ 10 ᠵᠢᠱᠢᠶ᠎ᠠ ᠦᠵᠡᠭᠦᠯᠬᠦ ᠬᠤᠰᠢᠭᠤ ᠰᠢᠶᠠᠠ ︵ᠬᠤᠲᠠ᠂ ᠲᠤᠭᠤᠷᠢᠭ︶ ᠲᠤᠷᠰᠢᠯᠭ᠎ᠠ ᠪᠠᠨ ᠲᠠᠨᠢᠯᠴᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号