10 ᠳ᠋ᠤᠭᠠᠷ ᠰᠠᠷ᠎ᠠ ᠠᠴᠠ ᠨᠠᠭᠠᠰᠢ ᠥᠪᠥᠷ ᠮᠣᠩᠭᠤᠯ ᠢ ᠨᠥᠯᠥᠭᠡᠯᠡᠬᠦ ᠬᠦᠢᠲᠡᠨ ᠠᠭᠤᠷ ᠠᠮᠢᠰᠬᠤᠯ ᠨᠡᠯᠢᠶᠡᠳ | ᠴᠢᠩᠭ᠎ᠠ ᠪᠣᠯᠵᠤ᠂ ᠪᠥᠬᠦ ᠣᠷᠣᠨ ᠤ ᠠᠭᠠᠷ ᠤᠨ ᠳᠤᠯᠠᠭᠠᠨ ᠨᠡᠯᠢᠶᠡᠳ ᠬᠦᠢᠲᠡᠷᠡᠵᠡᠢ᠃ ᠥᠪᠥᠷ ᠮᠣᠩᠭᠤᠯ ᠤᠨ ᠴᠠᠭ | ᠠᠭᠤᠷ ᠤᠨ ᠲᠣᠪᠴᠢᠶᠠᠨ ᠤ ᠮᠠᠲ᠋ᠧᠷᠢᠶᠠᠯ ᠠᠴᠠ ᠦᠵᠡᠪᠡᠯ᠂ 10 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ | ᠪᠥᠬᠦ ᠣᠷᠣᠨ ᠤ ᠤᠯᠤᠰ ᠤᠨ ᠲᠠᠰ ᠤᠨ 70 ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠡᠪᠦᠯ ᠤᠨ | ᠤᠯᠠᠷᠢᠯ ᠳᠤ ᠣᠷᠣᠵᠤ᠂ ᠶᠡᠬᠡᠩᠬᠢ ᠬᠡᠰᠡᠭ ᠭᠠᠵᠠᠷ ᠣᠷᠣᠨ ᠨᠢ 1 — 5 ᠬᠡᠮ ᠡᠷᠲᠡᠯᠡᠪᠡ ︵ᠨᠢᠭᠡᠨ ᠬᠡᠮ ᠳᠠᠷᠤᠢ | ᠲᠠᠪᠤᠨ ᠡᠳᠦᠷ ᠪᠣᠯᠣᠨ᠎ᠠ︶᠃ ᠵᠢᠱᠢᠯᠲᠡ ᠪᠠᠷ ᠢᠷᠡᠬᠦ ᠬᠤᠶᠠᠷ ᠡᠳᠦᠷ ᠲᠤ᠂ ᠥᠪᠥᠷ ᠮᠣᠩᠭᠤᠯ ᠤᠨ ᠳᠤᠮᠳᠠ ᠵᠡᠭᠦᠨ | ᠪᠡᠶ᠎ᠡ ᠶᠢᠨ ᠭᠠᠵᠠᠷ ᠣᠷᠣᠨ ᠳᠤ ᠴᠠᠰᠤ ᠪᠣᠷᠣᠭᠠᠨ ᠣᠷᠣᠵᠤ᠂ ᠳᠤᠮᠳᠠ ᠪᠡᠶ᠎ᠡ ᠶᠢᠨ ᠭᠠᠵᠠᠷ ᠣᠷᠣᠨ ᠳᠤ ᠪᠠᠷᠠᠭᠤᠨ | ᠬᠤᠶᠢᠨ᠎ᠠ ᠠᠴᠠ ᠲᠦᠷ ᠴᠠᠭ ᠤᠨ 4 — 5 ᠳᠡᠰ ᠤᠨ ᠰᠠᠯᠬᠢ ᠰᠠᠯᠬᠢᠯᠠᠵᠤ ᠪᠠᠶᠢᠭᠰᠠᠨ ᠢᠶᠠᠨ 6 ᠲᠠᠰ ᠤᠨ ᠰᠠᠯᠬᠢ | ᠰᠠᠯᠬᠢᠯᠠᠵᠤ᠂ ᠬᠡᠰᠡᠭ ᠭᠠᠵᠠᠷ ᠲᠤ ᠡᠯᠡᠰᠦᠨ ᠰᠢᠭᠤᠷᠭ᠎ᠠ ᠳᠡᠭᠳᠡᠨ᠎ᠡ︔ ᠡᠭᠦᠨ ᠤ ᠬᠠᠮᠲᠤ᠂ ᠵᠡᠭᠦᠨ ᠪᠡᠶ᠎ᠡ ᠶᠢᠨ ᠭᠠᠵᠠᠷ | ᠣᠷᠣᠨ ᠤ ᠳᠤᠯᠠᠭᠠᠨ ᠤ ᠬᠡᠮᠵᠢᠶ᠎ᠡ 6 ℃ ᠣᠷᠴᠢᠮ ᠳᠣᠷᠣᠭᠰᠢᠯᠠᠬᠤ ᠪᠣᠯᠣᠨ᠎ᠠ᠃ | ᠠᠭᠠᠷ ᠤᠨ ᠴᠢᠭᠢᠭ ᠶᠡᠭᠡ ᠠᠴᠠ ᠪᠣᠯᠵᠤ᠂ ᠠᠯᠠᠱᠠ ᠠᠶᠢᠮᠠᠭ᠂ ᠤᠷᠳᠤᠰ ᠬᠤᠳᠠ᠂ ᠪᠤᠭᠤᠲᠤ ᠬᠤᠳᠠ᠂ | ᠬᠥᠬᠡᠬᠤᠲᠠ᠂ ᠪᠠᠶᠠᠨᠨᠠᠭᠤᠷ ᠬᠤᠲᠠᠳᠤ 20 ~ 21 ᠤ ᠡᠳᠦᠷ ᠦᠵᠡᠭᠳᠡᠴᠡ ᠨᠢ 200 ᠮᠧᠲᠷ ᠬᠦᠷᠬᠦ ᠦᠭᠡᠢ | ᠮᠠᠨᠠᠨ ᠭᠠᠷᠤᠭᠰᠠᠨ ᠪᠠᠶᠢᠨ᠎ᠠ᠃ ᠡᠭᠦᠨ ᠠᠴᠠ ᠪᠣᠯᠵᠤ᠂ 21 ᠤ ᠡᠳᠦᠷ ᠤᠨ 9 ᠴᠠᠭ 30 ᠮᠢᠨᠦ᠋ᠲ ᠲᠤ ᠥᠪᠥᠷ | ᠮᠣᠩᠭᠤᠯ ᠤᠨ ᠴᠠᠭ ᠠᠭᠤᠷ ᠤᠨ ᠲᠣᠪᠴᠢᠶ᠎ᠠ ᠶᠡᠭᠡ ᠮᠠᠨᠠᠨ ᠤ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ | ᠨᠡᠶᠢᠲᠡᠯᠡᠵᠦ᠂ ᠭᠠᠳᠠᠭᠰᠢ ᠭᠠᠷᠬᠤ ᠣᠯᠠᠨ ᠨᠡᠶᠢᠲᠡ ᠳᠤ ᠰᠡᠷᠭᠡᠶᠢᠯᠡᠬᠦ ᠶᠢ ᠰᠠᠨᠠᠭᠤᠯᠵᠠᠢ᠃ 22 ᠤᠨ ᠡᠳᠦᠷ᠂ ᠮᠠᠨ ᠤ | ᠣᠷᠣᠨ ᠤ ᠳᠤᠮᠳᠠ ᠪᠠᠷᠠᠭᠤᠨ ᠪᠡᠶ᠎ᠡ ᠶᠢᠨ ᠶᠡᠬᠡᠩᠬᠢ ᠭᠠᠵᠠᠷ ᠤᠨ ᠳᠤᠯᠠᠭᠠᠨ ᠤ ᠬᠡᠮᠵᠢᠶ᠎ᠡ 4 — 6 ℃ | ᠳᠣᠷᠣᠭᠰᠢᠯᠠᠨ᠂ ᠬᠥᠬᠡᠬᠤᠲᠠ ᠳᠤ 22 ᠤᠨ ᠡᠳᠦᠷ ᠤᠨ ᠬᠠᠮᠤᠭ ᠥᠨᠳᠥᠷ ᠠᠭᠠᠷ ᠤᠨ ᠳᠤᠯᠠᠭᠠᠨ 10 ℃ ᠲᠤ | ᠬᠦᠷᠴᠦ ᠂ 21 ᠤ ᠡᠳᠦᠷ ᠤᠨ ᠬᠠᠮᠤᠭ ᠥᠨᠳᠥᠷ ᠠᠭᠠᠷ ᠤᠨ ᠳᠤᠯᠠᠭᠠᠨ ᠨᠢ 3 ℃ ᠪᠠᠭᠤᠷᠠᠬᠤ ᠪᠣᠯᠤᠨ᠎ᠠ᠃ | ᠥᠪᠥᠷ ᠮᠣᠩᠭᠤᠯ ᠤᠨ ᠴᠠᠭ ᠠᠭᠤᠷ ᠤᠨ ᠥᠷᠲᠡᠭᠡᠨ ᠤ ᠵᠢᠱᠢᠯᠲᠡ ᠪᠠᠷ᠂ ᠢᠷᠡᠬᠦ ᠬᠤᠶᠠᠷ ᠡᠳᠦᠷ ᠲᠤ ᠮᠠᠨ ᠤ | ᠣᠷᠣᠨ ᠤ ᠶᠡᠬᠡᠩᠬᠢ ᠭᠠᠵᠠᠷ ᠣᠷᠣᠨ ᠳᠤ ᠲᠤᠩᠭᠠᠯᠠᠭ ᠠᠴᠠ ᠡᠭᠦᠯᠡᠰᠢᠨ᠎ᠡ᠃ 22 ᠤᠨ ᠡᠳᠦᠷ᠂ ᠳᠤᠮᠳᠠ ᠵᠡᠭᠦᠨ | ᠪᠡᠶ᠎ᠡ ᠳᠤ ᠪᠠᠭ᠎ᠠ ᠪᠣᠷᠣᠭᠠᠨ ᠪᠤᠶᠤ ᠴᠠᠰᠤ ᠪᠣᠷᠣᠭᠠᠨ ᠬᠤᠯᠢᠯᠳᠤᠨ ᠣᠷᠣᠵᠤ᠂ ᠳᠤᠮᠳᠠ ᠪᠠᠷᠠᠭᠤᠨ ᠪᠡᠶ᠎ᠡ ᠶᠢᠨ ᠬᠤᠶᠢᠲᠤ | ᠬᠡᠰᠡᠭ ᠲᠤ ᠪᠠᠷᠠᠭᠤᠨ ᠪᠡᠶ᠎ᠡ ᠠᠴᠠ 5 ~ 6 ᠲᠠᠰ ᠤᠨ ᠰᠠᠯᠬᠢ ᠰᠠᠯᠬᠢᠯᠠᠵᠤ᠂ ᠬᠡᠰᠡᠭ ᠭᠠᠵᠠᠷ ᠲᠤ ᠡᠯᠡᠰᠦᠨ | ᠰᠢᠭᠤᠷᠭ᠎ᠠ ᠳᠡᠭᠳᠡᠨ᠎ᠡ︔ ᠳᠤᠮᠳᠠ ᠪᠠᠷᠠᠭᠤᠨ ᠪᠡᠶ᠎ᠡ ᠶᠢᠨ ᠬᠤᠶᠢᠭᠤᠷ ᠬᠡᠰᠡᠭ ᠪᠣᠯᠣᠨ ᠵᠡᠭᠦᠨ ᠪᠡᠶ᠎ᠡ ᠶᠢᠨ ᠭᠠᠵᠠᠷ | ᠣᠷᠣᠨ ᠳᠤ ᠠᠭᠠᠷ ᠤᠨ ᠳᠤᠯᠠᠭᠠᠨ ᠤᠷᠢᠳ ᠬᠤᠵᠢᠳ 4 — 6 ℃ ᠪᠠᠭᠤᠷᠠᠨ᠎ᠠ᠃ 23 ᠤ ᠡᠳᠦᠷ᠂ ᠵᠡᠭᠦᠨ | ᠬᠤᠶᠢᠲᠤ ᠣᠷᠣᠨ ᠳᠤ ᠪᠣᠷᠣᠭᠠᠨ ᠴᠠᠰᠤ ᠬᠤᠯᠢᠯᠳᠤᠨ ᠣᠷᠣᠬᠤ ᠪᠤᠶᠤ ᠪᠠᠭ᠎ᠠ ᠴᠠᠰᠤ ᠣᠷᠣᠵᠤ᠂ ᠳᠤᠮᠳᠠ ᠪᠠᠷᠠᠭᠤᠨ | ᠪᠡᠶ᠎ᠡ ᠶᠢᠨ ᠬᠤᠶᠢᠲᠤ ᠬᠡᠰᠡᠭ ᠲᠤ ᠰᠠᠯᠬᠢᠨ ᠤ ᠬᠦᠴᠦᠨ 4 — 5 ᠳᠡᠰ ᠪᠣᠯᠵᠤ ᠪᠠᠭᠤᠷᠠᠬᠤ ᠪᠣᠯᠣᠨ᠎ᠠ᠃ | |