| ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ 2018 | ᠣᠨ ᠤ 10 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠠ᠂ ᠲᠦᠪ ᠤᠨ ᠨᠠᠢᠮᠠᠳᠤᠭᠠᠷ ᠲᠤᠭᠤᠷᠢᠨ | ᠪᠠᠶᠢᠴᠠᠭᠠᠬᠤ ᠲᠤᠭᠤᠢᠢᠯᠠᠩ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠠᠵᠢᠯ ᠦᠷᠨᠢᠭᠦᠯᠭᠦ | ᠲᠠᠶᠢᠴᠢᠯᠠᠯᠳᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠡᠮᠦᠨ᠎ᠠ᠂ ᠲᠦᠪ ᠤᠨ ᠲᠤᠭᠤᠷᠢᠨ ᠪᠠᠶᠢᠴᠠᠭᠠᠬᠤ | ᠲᠤᠭᠤᠢᠢᠯᠠᠩ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠳᠤ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠦᠬᠦᠢ ᠠᠵᠢᠯ ᠤᠨ | ᠪᠠᠶᠢᠷᠢᠯᠠᠭᠤᠯᠤᠯᠳᠠ ᠶᠢ ᠵᠠᠷᠯᠠᠨ ᠨᠡᠶᠢᠳᠡᠯᠡᠵᠡᠢ᠃ ᠬᠤᠷᠠᠯ ᠲᠡᠭᠡᠷ᠎ᠠ᠂ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ | ᠲᠤᠭᠤᠢᠢᠯᠠᠩ ᠤᠨ ᠲᠠᠷᠤᠭ᠎ᠠ ᠨᠢᠩ ᠶᠠᠨ ᠯᠢᠩ ᠠᠴᠠ ᠤᠳᠠᠯ ᠦᠭᠡᠢ ᠦᠷᠨᠢᠭᠦᠯᠭᠦ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠠᠵᠢᠯ ᠤᠨ ᠲᠤᠬᠠᠢ ᠶᠠᠷᠢᠶ᠎ᠠ ᠲᠠᠯᠪᠢᠬᠰᠠᠨ ᠪᠦᠭᠡᠳ | ᠲᠤᠭᠤᠷᠢᠨ ᠪᠠᠶᠢᠴᠠᠭᠠᠬᠤ ᠠᠵᠢᠯ ᠢ ᠬᠠᠮᠵᠢᠯᠴᠠᠵᠤ ᠰᠠᠶᠢᠳᠤᠷ ᠬᠢᠭᠦ ᠲᠤᠬᠠᠢ ᠱᠠᠭᠠᠷᠳᠠᠯᠭ᠎ᠠ ᠲᠤᠷᠠᠳᠴᠠᠢ᠃ ᠯᠢ ᠵᠢᠢ | ᠾᠧᠩ ᠬᠤᠷᠠᠯ ᠢ ᠡᠷᠬᠢᠯᠡᠭᠰᠡᠨ ᠪᠦᠬᠡᠳ ᠤᠪᠤᠷ ᠢᠶᠠᠨ ᠢᠯᠡᠳᠭᠡᠭᠦ ᠶᠠᠷᠢᠶ᠎ᠠ ᠲᠠᠯᠪᠢᠵᠠᠢ᠃ | ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠡᠳ᠋ ᠲᠠᠷᠤᠭ᠎ᠠ ᠵᠢᠴᠢ ᠬᠠᠮᠢᠶ᠎ᠠ ᠪᠦᠬᠦᠢ | ᠨᠦᠬᠦᠳ᠂ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ᠂ ᠤᠯᠤᠰ | ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ | ᠨᠡᠭᠡᠭᠡᠨ ᠬᠦᠭᠵᠢᠭᠦᠯᠭᠦ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠬᠤᠷᠠᠯ ᠳᠤ ᠤᠷᠤᠯᠴᠠᠪᠠ᠃ ᠦᠪᠡᠷᠳᠡᠭᠡᠨ | ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ | ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠲᠡᠳ᠋ ᠨᠠᠷᠢᠨ ᠪᠢᠴᠢᠭ ᠤᠨ ᠲᠠᠷᠤᠭ᠎ᠠ᠂ ᠨᠠᠮ ᠤᠨ | ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ᠂ ᠲᠤᠭᠤᠷᠢᠨ ᠪᠠᠶᠢᠴᠠᠭᠠᠬᠤ ᠲᠤᠭᠤᠢᠢᠯᠠᠩ | ᠤᠨ ᠲᠠᠷᠤᠭ᠎ᠠ᠂ ᠶᠠᠳᠠᠭᠤ ᠶᠢ ᠲᠡᠳᠭᠦᠵᠤ ᠨᠡᠬᠡᠬᠡᠨ ᠬᠦᠭᠵᠢᠬᠦᠯᠬᠦ ᠠᠯᠪᠠᠨ ᠬᠡᠷ᠂ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠠᠵᠢᠯ ᠤᠨ ᠬᠠᠮᠢᠶ᠎ᠠ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠦᠴᠢᠷ ᠤᠨ ᠤᠳᠤᠷᠢᠳᠬᠤ | ᠪᠠᠭ ᠤᠨ ᠪᠦᠷᠢᠯᠳᠦᠭᠦᠨ ᠨᠠᠷ ᠬᠤᠷᠠᠯ ᠳᠤ ᠰᠤᠯᠠ ᠤᠷᠤᠯᠴᠠᠪᠡ᠃ ᠡᠯ᠎ᠠ ᠠᠶᠢᠮᠠᠭ ᠬᠤᠳᠠ ᠶᠢᠨ ᠲᠦᠷᠪᠡᠨ ᠶᠡᠭᠡ | ᠤᠳᠤᠷᠢᠳᠬᠤ ᠪᠠᠭ ᠤᠨ ᠪᠦᠷᠢᠯᠳᠦᠭᠦᠨ᠂ ᠠᠶᠢᠮᠠᠭ ᠬᠤᠳᠠ ᠶᠢᠨ ᠠᠷᠠᠳ ᠤᠨ ᠰᠢᠭᠦᠭᠦ ᠬᠤᠷᠢᠶ᠎ᠠ᠂ ᠠᠷᠠᠳ ᠤᠨ | ᠪᠠᠶᠢᠴᠠᠭᠠᠬᠤ ᠬᠤᠷᠢᠶ᠎ᠠ ᠶᠢᠨ ᠭᠤᠤᠯ ᠬᠠᠷᠢᠭᠤᠴᠠᠯᠭᠠᠳᠠᠨ᠂ ᠠᠶᠢᠮᠠᠭ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠵᠤᠬᠢᠶᠠᠨ ᠪᠠᠶᠢᠭᠤᠯᠬᠤ ᠬᠡᠯᠳᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ | ᠡᠯ᠎ᠠ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠦᠬᠦᠳ | ᠵᠢᠴᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠬᠤᠪᠢᠳᠠᠨ ᠬᠠᠮᠢᠶᠠᠷᠴᠤ ᠪᠦᠬᠦᠢ ᠨᠠᠮ ᠵᠠᠰᠠᠭ ᠤᠨ ᠲᠡᠳ᠋ | ᠲᠤᠰᠢᠶᠠᠯᠳᠠᠨ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠰᠠᠭᠤᠭ᠎ᠠ ᠦᠪᠡᠷᠳᠡᠭᠡᠨ ᠵᠠᠰᠠᠬᠤ ᠤᠷᠤᠨ ᠤ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠡᠷᠦᠩᠬᠡᠢ ᠠᠩᠬᠢ ᠶᠢᠨ ᠲᠠᠷᠤᠭ᠎ᠠ ᠨᠠᠷ | ᠬᠤᠪᠢᠶᠠᠷᠢ ᠬᠤᠷᠠᠯ ᠤᠨ ᠲᠠᠯᠠᠪᠠᠢ ᠳᠤ ᠬᠠᠷᠠᠭᠠᠨ ᠳᠠᠪᠲᠠᠮᠵᠢ ᠶᠢᠨ ᠬᠤᠷᠠᠯ ᠳᠤ ᠤᠷᠤᠯᠴᠠᠵᠠᠢ᠃ | ᠨᠢᠩ ᠶᠠᠨ ᠯᠢᠩ ᠨᠦᠬᠦᠷ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠭᠦ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ | ᠶᠡᠭᠡ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠪᠠ ︽ | ᠬᠤᠶᠠᠷ ᠢ ᠡᠷᠡᠰ ᠬᠠᠮᠠᠭᠠᠯᠠᠬᠤ︾ ᠶᠢ ᠦᠢᠯᠡᠳᠦᠯᠭᠡᠵᠢᠭᠦᠯᠭᠦ ᠪᠤᠳᠠᠳᠠᠢ ᠢᠯᠡᠷᠡᠯ ᠮᠦᠨ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠰᠢᠮᠳᠠᠭᠤᠯᠤᠨ | ᠠᠬᠢᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠳᠠ ᠡᠭᠦᠷᠭᠡ ᠶᠢ ᠲᠣᠭᠲᠠᠭᠰᠠᠨ | ᠴᠠᠭ ᠲᠤ ᠪᠠᠨ ᠪᠡᠶᠡᠯᠡᠭᠦᠯᠭᠦ ᠶᠢ ᠪᠠᠳᠤᠯᠠᠬᠤ ᠴᠢᠬᠤᠯᠠ ᠶᠡᠭᠡ ᠠᠷᠭ᠎ᠠ ᠪᠠᠷᠢᠯ ᠮᠦᠨ᠂ ᠪᠠᠰᠠ ᠴᠤ ᠠᠷᠠᠳ ᠲᠦᠮᠡᠨ ᠢᠶᠠᠷ | ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠪᠠ ᠤᠯᠠᠨ ᠲᠦᠮᠡᠨ ᠤ ᠠᠰᠢᠭ ᠲᠤᠰᠠ ᠶᠢ | ᠬᠤᠬᠢᠷᠠᠭᠤᠯᠤᠬᠰᠠᠨ ᠠᠰᠠᠭᠤᠳᠠᠯ ᠢ ᠰᠢᠢᠳᠪᠦᠷᠢᠯᠡᠭᠦ ᠪᠤᠳᠠᠳᠠᠢ ᠦᠢᠯᠡᠳᠦᠯᠭᠡ ᠮᠦᠨ᠃ ᠦᠪᠦᠷ ᠮᠤᠩᠭᠤᠯ ᠤᠨ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠤᠯᠤᠨ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠰᠢ ᠶᠢᠨ | ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ | ᠦᠷᠨᠢᠭᠦᠯᠭᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ᠂ ᠤᠯᠤᠰ ᠲᠦᠷᠦ ᠶᠢᠨ ᠤᠬᠠᠮᠰᠠᠷ᠂ | ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠲᠠᠭᠠᠨ ᠨᠢᠭᠡᠳᠬᠦ ᠤᠬᠠᠮᠰᠠᠷ ᠢ ᠪᠠᠳᠤ ᠪᠤᠢ ᠪᠤᠯᠭᠠᠨ᠂ ᠦᠨᠡᠨ | ᠬᠦ ᠦᠵᠡᠯ ᠰᠠᠨᠠᠭ᠎ᠠ ᠪᠤᠯᠤᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ | ᠪᠤᠳᠤᠯᠭ᠎ᠠ ᠶᠢᠨ ᠪᠠᠶᠢᠷᠢᠯᠠᠭᠤᠯᠤᠯᠳᠠ ᠲᠠᠢ ᠨᠢᠭᠡᠳᠦᠯᠳᠡᠢ ᠪᠠᠶᠢᠯᠭᠠᠵᠤ᠂ ᠬᠠᠷᠢᠭᠤᠴᠠᠯᠭᠠᠳᠦ ᠰᠡᠳᠬᠢᠯᠭᠡ᠂ ᠡᠭᠦᠷᠭᠡᠳᠦ | ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠩᠭᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠ ᠤᠯᠤᠰ | ᠲᠦᠷᠦ ᠶᠢᠨ ᠡᠭᠦᠷᠭᠡᠯᠡᠯ ᠢᠶᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠬᠦᠯᠢᠶᠡᠭᠦ ᠤᠬᠠᠮᠰᠠᠷ ᠢᠶᠠᠨ | ᠴᠢᠩᠭᠠᠷᠠᠭᠤᠯᠵᠤ᠂ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠠᠵᠢᠯ ᠢ ᠢᠳᠡᠪᠬᠢᠳᠡᠢ ᠲᠡᠮᠵᠢᠨ ᠬᠠᠮᠵᠢᠯᠴᠠᠵᠤ᠂ | ᠢᠵᠢᠯ ᠴᠢᠭᠯᠡᠯ ᠢᠶᠠᠷ ᠬᠦᠴᠦᠯᠡᠨ᠂ ᠨᠠᠮ ᠤᠨ ᠲᠦᠪ ᠬᠤᠷᠢᠶ᠎ᠠ ᠶᠢᠨ ᠲᠤᠰᠢᠶᠠᠬᠰᠠᠨ ᠲᠤᠰᠬᠠᠢ ᠲᠤᠭᠤᠷᠢᠨ | ᠪᠠᠶᠢᠴᠠᠭᠠᠯᠳᠠ ᠶᠢᠨ ᠡᠭᠦᠷᠭᠡ ᠶᠢ ᠬᠠᠮᠳᠤ ᠪᠠᠷ ᠰᠠᠶᠢᠳᠤᠷ ᠪᠡᠶᠡᠯᠡᠭᠦᠯᠭᠦ ᠬᠡᠷᠡᠭᠳᠡᠢ᠃ ᠤᠬᠠᠮᠰᠠᠷ ᠠᠴᠠ ᠪᠠᠨ ᠲᠦᠪ ᠤᠨ | ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠤᠷᠤᠨ ᠤ ᠪᠠᠨ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠬᠦᠷᠢᠶᠡᠨ ᠳᠤ ᠤᠷᠤᠰᠢᠵᠤ ᠪᠦᠬᠦᠢ ᠠᠰᠠᠭᠤᠳᠠᠯ ᠪᠤᠯᠤᠨ ᠬᠦᠷᠦᠯᠴᠡᠭᠦ ᠦᠭᠡᠢ ᠲᠠᠯ᠎ᠠ ᠪᠠᠨ | ᠰᠠᠨᠠᠭᠠᠴᠢᠯᠠᠭ᠎ᠠ ᠠᠴᠠ ᠪᠠᠨ ᠡᠷᠢᠨ ᠰᠢᠰᠲ᠋ᠧᠮ ᠲᠠᠢ ᠪᠠᠷ ᠡᠮᠬᠢᠯᠡᠨ ᠲᠢᠭᠯᠡᠵᠤ᠂ ᠴᠡᠭᠴᠡᠯᠡᠨ ᠰᠠᠶᠢᠵᠢᠷᠠᠭᠤᠯᠬᠤ ᠭᠤᠤᠯ | ᠴᠤᠬᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ᠂ ᠪᠠᠷᠢᠨ ᠬᠡᠷᠡᠭᠵᠢᠭᠦᠯᠦᠨ ᠪᠠᠷᠢᠨ ᠰᠠᠶᠢᠵᠢᠷᠠᠭᠤᠯᠵᠤ᠂ | ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠠᠯᠳᠠᠭ᠎ᠠ ᠲᠤᠳᠠᠬᠳᠠᠯ ᠢᠶᠠᠨ ᠨᠦᠬᠦᠪᠦᠷᠢᠯᠡᠨ᠂ ᠤᠷᠳᠤ | ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠵᠤ᠂ ᠲᠤᠰᠬᠠᠢ ᠲᠤᠭᠤᠷᠢᠨ ᠪᠠᠶᠢᠴᠠᠭᠠᠯᠳᠠ ᠪᠠᠷ ᠠᠵᠠ | ᠲᠤᠬᠢᠶᠠᠯ ᠪᠤᠯᠭᠠᠨ᠂ ᠱᠠᠳᠤ ᠱᠠᠳᠤ ᠪᠠᠷ ᠲᠠᠷᠤᠯᠳᠠ ᠦᠭᠬᠦᠨ ᠱᠠᠳᠤ ᠱᠠᠳᠤ ᠪᠠᠷ ᠬᠠᠷᠢᠭᠤᠴᠠᠯᠭ᠎ᠠ ᠶᠢ | ᠨᠡᠶᠢᠳᠡᠪᠦᠷᠢᠵᠢᠭᠤᠯᠵᠤ᠂ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠰᠢᠢᠳᠪᠦᠷᠢᠳᠤ ᠶᠢᠨ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠠᠬᠢᠭᠤᠯᠬᠤ ᠬᠡᠷᠡᠭᠳᠡᠢ | ᠭᠡᠵᠡᠢ᠃ | ᠨᠢᠩ ᠶᠠᠨ ᠯᠢᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ | ᠲᠤᠭᠤᠷᠢᠨ ᠪᠠᠶᠢᠴᠠᠭᠠᠯᠳᠠ ᠪᠤᠯ ᠲᠤᠭᠤᠷᠢᠨ ᠪᠠᠶᠢᠴᠠᠭᠠᠬᠳᠠᠬᠤ ᠨᠠᠮ ᠤᠨ ᠵᠤᠬᠢᠶᠠᠨ ᠪᠠᠶᠢᠭᠤᠯᠤᠯᠳᠠ ᠶᠢᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠤᠬᠰᠠᠨ | ᠪᠠᠶᠢᠳᠠᠯ ᠤᠨ ᠲᠤᠬᠠᠢ ᠬᠢᠨᠠᠯᠳᠠ ᠪᠠ ᠱᠠᠯᠠᠪᠳᠠᠭᠤᠯᠤᠯ ᠪᠤᠯᠬᠤ ᠶᠤᠮ᠂ ︽ᠬᠠᠷᠢᠭᠤᠴᠠᠯᠭ᠎ᠠ︾ ᠶᠢ ᠴᠢᠩᠭ᠎ᠠ ᠠᠳᠬᠤᠨ᠂ | ︽ᠵᠠᠩᠬᠢᠯᠠᠭ᠎ᠠ ᠶᠢᠨ ᠴᠦᠭᠡᠨ ᠲᠤᠭᠠᠳᠠᠨ︾ ᠢ ᠴᠢᠩᠭ᠎ᠠ ᠠᠩᠬᠠᠷᠴᠤ᠂ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠴᠢᠭᠯᠡᠯᠳᠡ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠤᠬᠰᠠᠨ᠂ ᠨᠠᠮ ᠤᠨ | ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ | ᠨᠡᠶᠢᠳᠡᠪᠦᠷᠢᠵᠢᠭᠤᠯᠤᠬᠰᠠᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠢᠨᠠᠯᠳᠠ | ᠲᠠᠯᠪᠢᠬᠤ ᠬᠠᠷᠢᠭᠤᠴᠠᠯᠭ᠎ᠠ ᠪᠤᠯᠤᠨ ᠬᠠᠮᠢᠶ᠎ᠠ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠤᠬᠰᠠᠨ ᠵᠢᠴᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠶᠠᠪᠤᠴᠠ ᠳᠠᠬᠢ ᠡᠯ᠎ᠠ ᠲᠦᠷᠦᠯ ᠤᠨ ᠬᠢᠨᠠᠯᠳᠠ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠨᠡᠶᠢᠳᠡᠪᠦᠷᠢᠵᠢᠭᠤᠯᠤᠬᠰᠠᠨ ᠵᠡᠷᠭᠡ ︽ᠲᠦᠷᠪᠡ ᠶᠢ ᠨᠡᠶᠢᠳᠡᠪᠦᠷᠢᠵᠢᠭᠤᠯᠤᠬᠰᠠᠨ︾ | ᠲᠤᠭᠤᠷᠢᠨ ᠳᠤ ᠬᠢᠨᠠᠯᠳᠠ ᠪᠠᠶᠢᠴᠠᠭᠠᠯᠳᠠ ᠦᠷᠨᠢᠭᠦᠯᠦᠨ᠎ᠠ᠃ ᠲᠤᠰᠬᠠᠢ ᠲᠤᠭᠤᠷᠢᠨ ᠪᠠᠶᠢᠴᠠᠭᠠᠬᠤ ᠲᠤᠭᠤᠢᠢᠯᠠᠩ | ᠤᠨ ᠬᠢᠨ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ︽ᠲᠦᠷᠪᠡᠨ ᠤᠬᠠᠮᠰᠠᠷ︾ ᠢ ᠪᠠᠳᠤ ᠪᠤᠢ | ᠪᠤᠯᠭᠠᠨ᠂ ᠭᠤᠤᠯᠳᠠᠭᠤ ︽ᠬᠤᠶᠠᠷ ᠢ ᠡᠷᠡᠰ ᠬᠠᠮᠠᠭᠠᠯᠠᠬᠤ︾ ᠤᠯᠤᠰ ᠲᠦᠷᠦ ᠶᠢᠨ ᠦᠨᠳᠦᠷᠴᠡ ᠠᠴᠠ᠂ ᠨᠠᠮ ᠤᠨ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠴᠢᠭᠯᠡᠯᠳᠡ | ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠡᠶᠢᠳᠡᠪᠦᠷᠢᠵᠢᠭᠤᠯᠤᠬᠰᠠᠨ ᠪᠠᠶᠢᠳᠠᠯ ᠢ ᠠᠵᠢᠬᠯᠠᠵᠤ᠂ ᠲᠤᠭᠤᠷᠢᠨ | ᠪᠠᠶᠢᠴᠠᠭᠠᠬᠳᠠᠬᠰᠠᠨ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ | ᠭᠠᠵᠠᠷ ᠲᠤᠨᠢ ᠨᠡᠶᠢᠳᠡᠪᠦᠷᠢᠵᠢᠭᠤᠯᠬᠤ ᠶᠢ ᠰᠢᠮᠳᠠᠭᠤᠯᠤᠨ᠎ᠠ︔ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ | ᠡᠭᠦᠷᠭᠡᠯᠡᠯ ᠤᠨ ᠤᠯᠤᠰ ᠲᠦᠷᠦ ᠶᠢᠨ ᠦᠨᠳᠦᠷᠴᠡ ᠠᠴᠠ᠂ ᠮᠤᠵᠢ ᠤᠷᠤᠨ ᠬᠤᠳᠠ ᠶᠢᠨ ᠨᠠᠮ ᠤᠨ ᠬᠤᠷᠢᠶ᠎ᠠ ᠶᠢᠨ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ | ᠬᠦᠢᠴᠡᠳᠭᠡᠭᠰᠡᠨ ᠪᠠᠶᠢᠳᠠᠯ ᠢ ᠠᠵᠢᠬᠯᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ | ᠪᠤᠳᠠᠳᠠᠢ ᠶᠢ ᠡᠷᠬᠢᠮᠯᠡᠭᠦ᠂ ᠶᠠᠳᠠᠭᠤ ᠠᠴᠠ ᠠᠩᠬᠢᠵᠢᠷᠠᠭᠤᠯᠬᠤ ᠶᠠᠪᠤᠴᠠ ᠶᠢᠨ ᠯᠠᠪᠳᠠᠭᠤᠨ ᠪᠠᠳᠤᠳᠠᠢ ᠪᠠᠶᠢᠬᠤ᠂ | ᠶᠠᠳᠠᠭᠤ ᠠᠴᠠ ᠠᠩᠬᠢᠵᠢᠷᠠᠭᠤᠯᠤᠬᠰᠠᠨ ᠦᠷ᠎ᠠ ᠳ᠋ᠦᠩ ᠤᠨ ᠦᠨᠡᠨ ᠪᠤᠳᠠᠳᠠᠢ ᠪᠠᠶᠢᠬᠤ ᠶᠢ ᠪᠠᠳᠤᠯᠠᠨ᠎ᠠ︔ ︽ᠭᠤᠷᠪᠠᠨ | ᠬᠡᠪ ᠲᠠᠭᠤᠷᠢᠶᠠᠯ︾ ᠤᠨ ᠤᠯᠤᠰ ᠲᠦᠷᠦ ᠶᠢᠨ ᠦᠨᠳᠦᠷᠴᠡ ᠠᠴᠠ᠂ ᠲᠦᠪ ᠤᠨ ᠪᠠᠶᠢᠭᠤᠯᠭ᠎ᠠ ᠨᠢᠭᠡᠴᠢ ᠶᠢᠨ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ | ᠠᠵᠢᠬᠯᠠᠵᠤ᠂ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢᠨ ᠤᠨᠤᠪᠴᠢᠳᠠᠢ ᠬᠡᠷᠡᠭᠵᠢᠭᠦᠯᠦᠭᠳᠡᠭᠦ ᠶᠢ ᠠᠬᠢᠭᠤᠯᠤᠨ᠎ᠠ︔ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠬᠦᠨᠵᠡᠭᠡᠶᠢᠷᠡᠭᠦᠯᠦᠨ ᠬᠦᠭᠵᠢᠭᠦᠯᠭᠦ ᠶᠢ ᠠᠬᠢᠭᠤᠯᠬᠤ ᠤᠯᠤᠰ ᠲᠦᠷᠦ ᠶᠢᠨ ᠦᠨᠳᠦᠷᠴᠡ ᠠᠴᠠ᠂ ᠰᠠᠬᠢᠯᠭ᠎ᠠ | ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ | ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠠᠵᠢᠬᠯᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠶᠠᠪᠤᠴᠠ ᠳᠤ | ᠲᠤᠭᠤᠰᠢᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠳᠠ ᠶᠢ ᠲᠤᠬᠳᠠᠬᠰᠠᠨ | ᠴᠠᠭ ᠲᠤ ᠪᠠᠨ ᠪᠡᠶᠡᠯᠡᠭᠦᠯᠭᠦ ᠳᠤ ᠪᠠᠳᠤ ᠴᠢᠩᠭ᠎ᠠ ᠰᠠᠬᠢᠯᠭ᠎ᠠ ᠪᠠᠳᠤ ᠪᠤᠯᠤᠨ ᠰᠤᠷᠳᠠᠯ ᠤᠨ ᠪᠠᠳᠤᠯᠠᠭ᠎ᠠ ᠬᠠᠩᠭᠠᠨ᠎ᠠ︔ | ᠤᠯᠠᠨ ᠲᠦᠮᠨᠨ ᠤ ᠬᠦᠷᠳᠡᠮᠵᠢ ᠶᠢᠨ ᠲᠦᠷᠦᠭᠳᠡᠯ ᠢ ᠲᠠᠬᠡᠭᠰᠢᠯᠡᠬᠦᠯᠬᠦ ᠤᠯᠤᠰ ᠲᠦᠷᠦ ᠶᠢᠨ ᠦᠨᠳᠦᠷᠴᠡ ᠠᠴᠠ᠂ ᠡᠯ᠎ᠠ | ᠲᠦᠷᠦᠯ ᠤᠨ ᠬᠢᠨᠠᠯᠳᠠ ᠪᠠᠶᠢᠴᠠᠭᠠᠯᠳᠠ ᠳᠤ ᠢᠯᠡᠷᠡᠭᠦᠯᠦᠭᠰᠡᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠶᠠᠪᠤᠴᠠ ᠲᠤᠮᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠡᠶᠢᠳᠡᠪᠦᠷᠢᠵᠢᠭᠤᠯᠤᠬᠰᠠᠨ ᠪᠠᠶᠢᠳᠠᠯ ᠢ | ᠠᠵᠢᠬᠯᠠᠵᠤ᠂ ᠬᠢᠨᠠᠯᠳᠠ ᠪᠠᠶᠢᠴᠠᠭᠠᠯᠳᠠ ᠶᠢᠨ ᠨᠢᠭᠡᠨᠳᠡ ᠤᠯᠤᠬᠰᠠᠨ ᠦᠷ᠎ᠠ ᠪᠦᠳᠦᠭᠡᠯ ᠢ ᠴᠢᠨᠠᠬᠰᠢᠳᠠ ᠪᠠᠬᠢᠵᠢᠭᠦᠯᠦᠨ | ᠬᠦᠨᠵᠡᠭᠡᠶᠢᠷᠡᠭᠦᠯᠦᠨ᠎ᠠ︔ ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ | ᠲᠤᠭᠤᠰᠢᠯᠠᠭᠤᠯᠬᠤ ᠦᠨᠳᠦᠷᠴᠡ ᠠᠴᠠ᠂ ᠶᠠᠳᠠᠭᠤ ᠶᠢ ᠲᠡᠳᠭᠦᠭᠦ ᠬᠦᠷᠢᠶᠡᠨ ᠳᠠᠬᠢ ᠺᠠᠳ᠋ᠷ ᠤᠨ ᠡᠩᠨᠡᠭᠡ ᠶᠢᠨ | ᠪᠠᠶᠢᠭᠤᠯᠤᠯᠳᠠ ᠶᠢᠨ ᠪᠠᠶᠢᠳᠠᠯ ᠢ ᠠᠵᠢᠬᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠬᠠᠷᠠᠯᠳᠠ ᠶᠢ ᠲᠤᠬᠳᠠᠬᠰᠠᠨ ᠴᠠᠭ ᠲᠤ ᠪᠠᠨ ᠪᠡᠶᠡᠯᠡᠭᠦᠯᠭᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ | ᠪᠠᠳᠤᠯᠠᠭ᠎ᠠ ᠬᠠᠩᠭᠠᠨ᠎ᠠ︔ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠤᠯᠤᠰ ᠲᠦᠷᠦ ᠶᠢᠨ ᠦᠨᠳᠦᠷᠴᠡ ᠠᠴᠠ᠂ | ᠨᠠᠮ ᠤᠨ ᠪᠠᠶᠢᠭᠤᠯᠤᠯᠳᠠ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠣᠯᠣᠨ ᠦᠨᠳᠦᠰᠦᠨ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠶᠢ ᠴᠤᠬᠴᠠᠯᠠᠬᠤ ᠶᠢ ᠠᠬᠢᠭᠤᠯᠤᠬᠰᠠᠨ ᠪᠠᠶᠢᠳᠠᠯ ᠢ ᠠᠵᠢᠬᠯᠠᠵᠤ᠂ ᠶᠠᠳᠠᠭᠤ | ᠬᠦᠴᠢᠷᠳᠡᠯᠳᠡᠢ ᠭᠠᠵᠠᠷ ᠤᠷᠤᠨ ᠤ ᠵᠠᠷᠢᠮ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠰᠤᠯᠠᠷᠠᠬᠰᠠᠨ᠂ | ᠬᠡᠶᠢᠰᠪᠦᠷᠢᠵᠢᠭᠰᠡᠨ᠂ ᠵᠠᠬᠠᠳᠠᠭᠰᠠᠨ ᠠᠰᠠᠭᠤᠳᠠᠯ ᠢ ᠰᠢᠢᠳᠪᠦᠷᠢᠯᠡᠭᠦ ᠶᠢ ᠠᠬᠢᠭᠤᠯᠵᠦ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠬᠢᠵᠢᠭᠦᠯᠦᠨ᠎ᠠ︔ | ᠬᠠᠮᠳᠤ ᠪᠠᠷ ᠴᠢᠨᠡᠭᠡᠯᠢᠭᠵᠢᠭᠦ ᠶᠢ ᠠᠯᠬᠤᠮ ᠠᠯᠬᠤᠮ ᠢᠶᠠᠷ ᠪᠡᠶᠡᠯᠡᠭᠦᠯᠭᠦ ᠤᠯᠤᠰ ᠲᠦᠷᠦ ᠶᠢᠨ ᠦᠨᠳᠦᠷᠴᠡ ᠠᠴᠠ᠂ | ᠪᠠᠷᠠᠭᠤᠨ ᠵᠡᠭᠦᠨ ᠤᠷᠤᠨ ᠤ ᠶᠠᠳᠠᠭᠤ ᠶᠢ ᠲᠡᠳᠭᠦᠭᠦ ᠬᠠᠮᠵᠢᠯᠴᠠᠭ᠎ᠠ ᠪᠠ ᠲᠦᠪ ᠤᠨ ᠪᠠᠶᠢᠭᠤᠯᠭ᠎ᠠ ᠨᠢᠭᠡᠴᠢ ᠶᠢᠨ ᠴᠡᠭ | ᠲᠤᠬᠳᠠᠭᠠᠨ ᠶᠠᠳᠠᠭᠤ ᠶᠢ ᠲᠡᠳᠭᠦᠭᠦ ᠠᠵᠢᠯ ᠦᠷᠨᠢᠭᠦᠯᠦᠭᠰᠡᠨ ᠪᠠᠶᠢᠳᠠᠯ ᠢ ᠠᠵᠢᠬᠯᠠᠵᠤ᠂ ᠪᠦᠬᠦ ᠨᠠᠮ ᠪᠦᠬᠦ | ᠨᠡᠶᠢᠭᠡᠮ ᠤᠨ ᠲᠦᠪᠯᠡᠷᠡᠭᠦᠯᠦᠨ ᠪᠤᠭᠤᠮᠳᠠ ᠰᠢᠪᠳᠤᠯᠬᠤ ᠬᠦᠴᠦᠷᠭᠡᠭ ᠶᠡᠭᠡ ᠬᠠᠮᠳᠤᠷᠠᠯ ᠬᠦᠴᠦᠨ ᠪᠦᠷᠢᠯᠳᠦᠭᠦ ᠶᠢ | ᠠᠬᠢᠭᠤᠯᠤᠨ᠎ᠠ ᠭᠡᠵᠡᠢ᠃ | ᠯᠢ ᠵᠢᠢ ᠾᠧᠩ ᠢᠯᠡᠷᠬᠡᠶᠢᠯᠡᠭᠰᠡᠨ ᠨᠢ᠂ ᠡᠨᠡ ᠤᠳᠠᠭ᠎ᠠ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ | ᠲᠤᠭᠤᠢᠢᠯᠠᠩ ᠮᠠᠨ ᠤ ᠤᠷᠤᠨ ᠳᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ | ᠪᠠᠶᠢᠴᠠᠭᠠᠯᠳᠠ ᠦᠷᠨᠢᠭᠦᠯᠭᠦ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠪᠦᠷ | ᠮᠤᠩᠭᠤᠯ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠦᠬᠦ ᠤᠷᠤᠨ ᠤ | ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠂ | ᠡᠨᠡ ᠨᠢ ᠪᠢᠳᠡᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠯᠠᠪᠳᠠᠭᠤᠨ ᠪᠠᠳᠤᠳᠠᠢ | ᠠᠬᠢᠭᠤᠯᠵᠤ᠂ ᠡᠯ᠎ᠠ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠰᠠᠶᠢᠳᠤᠷ ᠬᠢᠭᠦ ᠳᠤ ᠯᠠᠪᠳᠠᠢ ᠴᠢᠬᠤᠯᠠ ᠶᠡᠭᠡ | ᠠᠬᠢᠭᠤᠯᠬᠤ ᠦᠢᠯᠡᠳᠦᠯ ᠦᠵᠡᠭᠦᠯᠭᠦ ᠶᠤᠮ᠃ ᠪᠢᠳᠡ ᠯᠠᠪᠳᠠᠢ ︽ᠲᠦᠷᠪᠡᠨ ᠤᠬᠠᠮᠰᠠᠷ︾ ᠢᠶᠠᠨ ᠦᠨᠡᠨ ᠬᠦ | ᠴᠢᠩᠭᠠᠷᠠᠭᠤᠯᠤᠨ᠂ ︽ᠲᠦᠷᠪᠡᠨ ᠢᠳᠡᠭᠡᠯ︾ ᠢᠶᠠᠨ ᠦᠨᠡᠨ ᠬᠦ ᠪᠠᠳᠤᠳᠬᠠᠵᠤ᠂ ᠶᠡᠷᠦᠩᠬᠡᠢ ᠱᠦᠵᠢ ᠰᠢ ᠶᠢᠨ ᠫᠢᠩ | ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠤᠢᠢᠯᠠᠭᠠᠵᠤ᠂ | ᠨᠠᠮ ᠤᠨ ᠲᠦᠪ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠤᠬᠠᠮᠰᠠᠷ ᠠᠴᠠ ᠪᠠᠨ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ ᠲᠠᠢ ᠨᠢᠭᠡᠳᠦᠯᠳᠡᠢ | ᠪᠠᠶᠢᠯᠭᠠᠵᠤ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠴᠢᠬᠤᠯᠠ ᠶᠡᠭᠡ ᠠᠴᠢ ᠬᠤᠯᠪᠤᠬᠳᠠᠯ ᠤᠨ ᠲᠤᠬᠠᠢ | ᠲᠠᠨᠢᠯᠳᠠ ᠪᠠᠨ ᠬᠦᠡᠵᠡᠭᠡᠶᠢᠷᠡᠭᠦᠯᠵᠤ᠂ ᠨᠡᠩ ᠦᠨᠳᠦᠷ ᠤᠯᠤᠰ ᠲᠦᠷᠦ ᠶᠢᠨ ᠵᠤᠬᠰᠤᠴᠠ ᠪᠤᠯᠤᠨ ᠤᠯᠤᠰ ᠲᠦᠷᠦ ᠶᠢᠨ | ᠤᠬᠠᠮᠰᠠᠷ ᠠᠴᠠ ᠪᠠᠨ ᠬᠢᠨᠠᠯᠳᠠ ᠪᠠᠶᠢᠴᠠᠭᠠᠯᠳᠠ ᠶᠢ ᠬᠦᠯᠢᠶᠡᠵᠤ᠂ ᠪᠤᠳᠠᠳᠤ ᠠᠵᠢᠯᠯᠠᠭ᠎ᠠ ᠪᠠᠷ ᠢᠶᠠᠨ ︽ᠬᠤᠶᠠᠷ ᠢ ᠡᠷᠡᠰ | ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠠ ᠭᠡᠵᠡᠢ᠃ | ᠯᠢ ᠵᠢᠢ ᠾᠧᠩ ᠵᠢᠭᠠᠵᠤ ᠭᠠᠷᠭᠠᠭᠰᠠᠨ ᠨᠢ᠂ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠠᠵᠢᠯ | ᠦᠷᠨᠢᠭᠦᠯᠭᠦ ᠶᠢ ᠬᠠᠮᠵᠢᠯᠴᠠᠬᠤ ᠪᠤᠯ ᠲᠦᠯᠬᠢᠵᠤ ᠪᠤᠯᠤᠰᠢ ᠦᠭᠡᠢ ᠤᠯᠤᠰ ᠲᠦᠷᠦ ᠶᠢᠨ ᠬᠠᠷᠢᠭᠤᠴᠠᠯᠭ᠎ᠠ ᠮᠦᠨ᠂ ᠡᠯ᠎ᠠ | ᠱᠠᠳᠤᠨ ᠤ ᠨᠠᠮ ᠤᠨ ᠬᠤᠷᠢᠶ᠎ᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠪᠠᠶᠢᠴᠠᠭᠠᠯᠳᠠ ᠶᠢ ᠦᠨᠡᠨᠴᠢ ᠪᠠᠷ ᠬᠦᠯᠢᠶᠡᠵᠤ᠂ ᠪᠠᠶᠢᠳᠠᠯ ᠪᠠ | ᠠᠰᠠᠭᠤᠳᠠᠯ ᠢ ᠦᠨᠡᠨ ᠪᠤᠳᠠᠳᠠᠢ ᠪᠠᠷ ᠲᠤᠰᠬᠠᠨ᠂ ᠲᠤᠭᠤᠷᠢᠨ ᠪᠠᠶᠢᠴᠠᠭᠠᠬᠤ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠵᠤ᠂ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠨᠢᠮᠪᠠᠢ ᠰᠠᠶᠢᠳᠤᠷ ᠬᠢᠵᠤ᠂ ᠲᠦᠪ ᠤᠨ ᠲᠤᠭᠤᠷᠢᠨ | ᠪᠠᠶᠢᠴᠠᠭᠠᠬᠤ ᠲᠤᠭᠤᠢᠢᠯᠠᠩ ᠤᠨ ᠠᠵᠢᠯ ᠦᠷᠨᠢᠭᠦᠯᠭᠦ ᠶᠢ ᠪᠦᠬᠦ ᠬᠦᠴᠦᠨ ᠢᠶᠠᠷ ᠢᠶᠠᠨ ᠬᠠᠮᠵᠢᠨ ᠵᠤᠬᠢᠴᠠᠭᠤᠯᠵᠤ᠂ | ᠲᠤᠰᠬᠠᠢ ᠲᠤᠭᠤᠷᠢᠨ ᠪᠠᠶᠢᠴᠠᠭᠠᠯᠳᠠ ᠶᠢᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠬᠠᠮᠳᠤ ᠪᠠᠷ ᠰᠠᠶᠢᠳᠤᠷ | ᠪᠡᠶᠡᠯᠡᠭᠦᠯᠭᠦ ᠬᠡᠷᠡᠭᠳᠡᠢ᠃ ᠲᠤᠭᠤᠷᠢᠨ ᠪᠠᠶᠢᠴᠠᠭᠠᠯᠳᠠ ᠠᠴᠠ ᠵᠢᠭᠠᠵᠤ ᠭᠠᠷᠭᠠᠬᠰᠠᠨ ᠪᠠ ᠬᠠᠷᠢᠭᠤ ᠲᠤᠰᠬᠠᠬᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠨᠡᠶᠢᠳᠡᠪᠦᠷᠢᠵᠢᠭᠤᠯᠬᠤ ᠶᠢ ᠴᠢᠩᠭ᠎ᠠ ᠠᠳᠬᠤᠵᠤ᠂ ᠲᠠᠷᠦ᠋ᠢᠬᠠᠨ | ᠮᠡᠳᠡᠵᠤ ᠲᠠᠷᠦ᠋ᠢᠬᠠᠨ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠦᠨ ᠪᠠᠷᠢᠨ ᠰᠠᠶᠢᠵᠢᠷᠠᠭᠤᠯᠬᠤ ᠶᠢ ᠪᠠᠷᠢᠮᠳᠠᠯᠠᠨ᠂ ᠪᠦᠬᠦ | ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠰᠢᠰᠲ᠋ᠧᠮ ᠲᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠳᠠᠯᠠᠵᠤ᠂ | ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ᠂ ᠲᠦᠷᠢᠮ ᠲᠤᠬᠳᠠᠭᠠᠯ ᠲᠤᠬᠳᠠᠭᠠᠬᠤ ᠶᠢ ᠪᠠᠷᠢᠮᠳᠠᠯᠠᠨ᠂ ᠲᠤᠭᠤᠷᠢᠨ | ᠪᠠᠶᠢᠴᠠᠭᠠᠯᠳᠠ ᠶᠢᠨ ︽ᠰᠡᠭᠦᠯᠴᠢ ᠶᠢᠨ ᠶᠠᠪᠤᠳᠠᠯ︾ ᠢ ᠦᠨᠳᠦᠷ ᠪᠠᠷᠢᠮᠵᠢᠶ᠎ᠠ᠂ ᠲᠡᠭᠡᠳᠦ ᠦᠷ᠎ᠠ ᠠᠰᠢᠭ᠂ ᠴᠢᠨᠠᠷ | ᠰᠠᠶᠢᠳᠠᠢ ᠪᠠᠷ ᠰᠠᠶᠢᠳᠤᠷ ᠬᠢᠵᠤ᠂ ᠵᠦᠢᠯ ᠵᠤᠷᠪᠤᠰ ᠲᠠᠷᠠᠭᠠᠯᠠᠨ ᠲᠤᠭᠤᠰᠢᠲᠠᠢ ᠰᠠᠶᠢᠵᠢᠷᠠᠭᠤᠯᠤᠨ᠂ ᠵᠦᠢᠯ ᠵᠤᠷᠪᠤᠰ | ᠪᠦᠷᠢ ᠶᠢ ᠨᠡᠶᠢᠳᠡᠪᠦᠷᠢᠵᠢᠭᠤᠯᠵᠤ᠂ ᠶᠠᠪᠤᠳᠠᠯ ᠪᠤᠯᠭᠠᠨ ᠳᠤ ᠬᠠᠷᠢᠭᠤᠯᠳᠠ ᠦᠭᠴᠤ᠂ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠪᠤᠳᠠᠳᠠᠶᠢᠵᠢᠵᠤ ᠨᠡᠶᠢᠳᠡᠪᠦᠷᠢᠵᠢᠭᠤᠯᠤᠬᠳᠠᠬᠤ᠂ ᠶᠠᠳᠠᠭᠤ ᠠᠴᠠ | ᠠᠩᠬᠢᠵᠢᠷᠠᠭᠤᠯᠬᠤ ᠠᠵᠢᠯ ᠤᠨ ᠡᠷᠡᠭᠦᠯ ᠢᠶᠠᠷ ᠬᠦᠭᠵᠢᠭᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠦᠨᠡᠨ ᠬᠦ | ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠬᠤ ᠬᠡᠷᠡᠭᠳᠡᠢ ᠭᠡᠵᠡᠢ᠃ | ᠤᠢᠢᠯᠠᠭᠠᠬᠰᠠᠨ ᠢᠶᠠᠷ᠂ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠳᠤ ᠰᠠᠷ᠎ᠠ ᠭᠠᠷᠤᠢ ᠠᠵᠢᠯᠯᠠᠬᠤ ᠪᠤᠯᠤᠨ᠎ᠠ᠃ ᠲᠤᠭᠤᠷᠢᠨ ᠪᠠᠶᠢᠴᠠᠭᠠᠬᠤ ᠬᠤᠭᠤᠴᠠᠭ᠎ᠠ ︵ | 10 ᠳ᠋ᠤᠭᠠᠷ ᠰᠠᠷ᠎ᠠ ᠶᠢᠨ 18 ᠤ ᠡᠳᠦᠷ ᠠᠴᠠ 11 ᠰᠠᠷ᠎ᠠ ᠶᠢᠨ 25 ᠤ ᠡᠳᠦᠷ ᠪᠤᠯᠳᠠᠯ᠎ᠠ︶ ᠳᠤ ᠲᠤᠰ ᠪᠦᠷᠢ | ᠲᠤᠰᠬᠠᠢ ᠵᠢᠵᠢᠭᠦᠷᠯᠡᠭᠦ ᠤᠳᠠᠰᠦ᠄ 0471 — 4819220︔ ᠲᠤᠰᠬᠠᠢ ᠰᠢᠤᠳᠠᠨ ᠤ ᠵᠠᠬᠢᠳᠠᠯ ᠤᠨ | ᠬᠠᠶᠢᠷᠴᠠᠭ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠬᠡᠬᠤᠳᠠ ᠶᠢᠨ A2596 ᠨᠤᠮᠧᠷᠳᠦ | ᠰᠢᠤᠳᠠᠨ ᠤ ᠬᠠᠶᠢᠷᠴᠠᠭ ᠢ ᠲᠤᠬᠢᠷᠠᠭᠤᠯᠪᠠ᠃ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠡᠳᠦᠷ ᠪᠦᠷᠢ ᠶᠢᠨ | ᠲᠤᠰᠬᠠᠢ ᠤᠳᠠᠰᠦ ᠶᠢ ᠬᠦᠯᠢᠶᠡᠨ ᠠᠪᠴᠦ ᠰᠢᠢᠳᠪᠦᠷᠢᠯᠡᠭᠦ ᠴᠠᠭ ᠪᠤᠯ 8᠄ 00 — 18᠄ 00 ᠪᠤᠯᠤᠨ᠎ᠠ᠃ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠨ᠂ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠢᠨ ᠭᠤᠤᠯᠳᠠᠭᠤ ᠦᠪᠦᠷ | ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠬᠠᠢ | ᠲᠤᠰᠬᠠᠬᠰᠠᠨ ᠠᠰᠠᠭᠤᠳᠠᠯ ᠪᠠ ᠰᠦᠪᠡᠭᠴᠢ ᠶᠢ ᠬᠦᠯᠢᠶᠡᠨ ᠠᠪᠴᠦ ᠰᠢᠢᠳᠪᠦᠷᠢᠯᠡᠨ᠎ᠠ᠃ ᠡᠨᠡ ᠤᠳᠠᠭ᠎ᠠ ᠶᠢᠨ ᠲᠤᠰᠬᠠᠢ | ᠲᠤᠭᠤᠷᠢᠨ ᠪᠠᠶᠢᠴᠠᠭᠠᠯᠳᠠ ᠶᠢᠨ ᠬᠦᠯᠢᠶᠡᠨ ᠠᠪᠴᠦ ᠰᠢᠢᠳᠪᠦᠷᠢᠯᠡᠭᠦ ᠬᠡᠪᠴᠢᠶᠡᠨ ᠳᠤ ᠦᠯᠦ ᠬᠠᠷᠢᠶᠠᠯᠠᠬᠳᠠᠬᠤ ᠪᠤᠰᠤᠳ | ᠵᠠᠬᠢᠳᠠᠯ ᠰᠤᠷᠪᠤᠯᠵᠢᠯᠠᠯ ᠤᠨ ᠲᠤᠰᠬᠠᠬᠰᠠᠨ ᠠᠰᠠᠭᠤᠳᠠᠯ ᠢ ᠲᠤᠬᠳᠠᠭᠠᠯ ᠶᠤᠰᠤᠭᠠᠷ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠲᠤᠰᠢᠶᠠᠵᠤ ᠨᠠᠷᠢᠨ ᠬᠢᠨᠠᠮᠠᠭᠠᠢ | ᠰᠢᠢᠳᠪᠦᠷᠢᠯᠡᠭᠦᠯᠦᠨᠠ᠃ |