ᠥᠪᠥᠷ ᠮᠣᠩᠭᠤᠯ ᠡᠷᠡᠭᠦᠯ ᠢᠶᠠᠷ ᠥᠲᠡᠯᠬᠦ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠪᠠᠶᠢᠷᠢᠰᠢᠭᠤᠯᠪᠠ
ᠨᠡᠶᠢᠲᠡᠯᠡᠭᠰᠡᠨ ᠴᠠᠭ᠄
2018/10/22
     ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠣᠯᠠᠨ ᠰᠠᠯᠠᠭ᠎ᠠ ᠮᠥᠴᠢᠷ ᠲᠠᠢ ᠬᠤᠯᠪᠣᠭᠠᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠢᠶᠠᠷ ᠥᠲᠡᠯᠬᠦ ᠲᠥᠯᠥᠪᠵᠢᠭᠦᠯᠭᠡ ︵2018 — 2020︶︾᠎ ᠶᠢ ᠳᠠᠷᠤᠮᠠᠯᠯᠠᠨ ᠲᠠᠷᠬᠠᠭᠠᠪᠠ᠃ ︽ᠲᠥᠯᠥᠪᠵᠢᠭᠦᠯᠭᠡ︾᠎ ᠨᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠣᠯᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠣᠨᠴᠠᠯᠢᠭ ᠰᠢᠨᠵᠢ ᠶᠢ ᠭᠦᠢᠴᠡᠳ ᠪᠣᠳᠣᠯᠬᠢᠯᠠᠨ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠴᠢᠭᠢᠷᠠᠭ ᠤᠨ ᠱᠠᠭᠠᠷᠲᠠᠯᠠᠭ᠎ᠠ ᠶᠢ ᠬᠠᠩᠭᠠᠬᠤ ᠪᠣᠯᠣᠨ᠎ᠠ᠃ ᠨᠠᠰᠤᠲᠠᠶᠢᠴᠤᠳ ᠲᠤ ᠪᠣᠳᠠᠲᠤ ᠠᠵᠢᠯ ᠬᠢᠬᠦ᠂ ᠰᠠᠶᠢᠨ ᠶᠠᠪᠤᠳᠠᠯ ᠬᠢᠬᠦ᠂ ᠬᠦᠴᠢᠷᠳᠡᠯ ᠢ ᠨᠢ ᠰᠢᠢᠳᠪᠦᠷᠢᠯᠡᠬᠦ ᠵᠠᠷᠴᠢᠮ ᠢᠶᠠᠷ᠂ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠦ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠨᠠᠰᠤᠲᠠᠶᠢᠴᠤᠳ ᠤᠨ ᠡᠷᠡᠭᠦᠯ ᠴᠢᠭᠢᠷᠠᠭ ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠶᠠᠭᠤᠨ ᠤ ᠡᠮᠦᠨ᠎ᠡ᠂ ᠨᠠᠰᠤᠲᠠᠶᠢᠴᠤᠳ ᠤᠨ ᠡᠷᠡᠭᠦᠯᠵᠢᠯ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠡᠷᠡᠭᠦᠯᠵᠢᠭᠦᠯᠬᠦ᠂ ᠰᠢᠨᠵᠢᠯᠡᠬᠦ ᠤᠬᠠᠭᠠᠨᠴᠢ ᠰᠣᠶᠣᠯ᠂ ᠰᠡᠳᠬᠢᠴᠡ ᠶᠢᠨ ᠡᠷᠡᠭᠦᠯ ᠮᠡᠨᠳᠦ᠂ ᠠᠵᠢᠯ ᠮᠡᠷᠭᠡᠵᠢᠯ ᠤᠨ ᠴᠢᠳᠠᠪᠤᠷᠢ᠂ ᠭᠡᠷ ᠪᠦᠯᠢ ᠶᠢᠨ ᠲᠣᠲᠣᠮᠳᠠᠯ ᠵᠡᠷᠭᠡ ᠠᠭᠤᠯᠭ᠎ᠠ ᠪᠦᠬᠦᠢ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ 2020 ᠣᠨ ᠪᠣᠯᠬᠤ ᠳᠤ ᠪᠥᠬᠦ ᠣᠷᠣᠨ ᠤ 50%᠎ ᠠᠴᠠ ᠳᠡᠭᠡᠭᠰᠢᠬᠢ ᠵᠡᠭᠡᠯᠢ ᠭᠤᠳᠤᠮᠵᠢ ︵ᠰᠤᠮᠤ ᠪᠠᠯᠭᠠᠰᠤ︶᠎ ᠳᠤ ᠨᠠᠰᠤᠲᠠᠶᠢᠴᠤᠳ ᠤᠨ ᠬᠥᠮᠦᠵᠢᠯ ᠤᠨ ᠲᠤᠰᠬᠠᠶ ᠲᠠᠯᠠᠪᠤᠷ ᠭᠠᠵᠠᠷ ᠲᠠᠢ ᠪᠣᠯᠭᠠᠨ᠎ᠠ᠃ ᠨᠠᠰᠤᠲᠠᠶᠢᠴᠤᠳ ᠲᠤ ᠲᠣᠬᠢᠷᠠᠬᠤ ᠮᠣᠩᠭᠤᠯ ᠬᠢᠲᠠᠳ ᠡᠮᠴᠢᠯᠡᠭᠡᠨ ᠤ ᠪᠡᠶ᠎ᠡ ᠰᠤᠪᠢᠯᠠᠯᠲᠠ ᠡᠷᠡᠭᠦᠯᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠤᠬᠠᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠡᠷᠡᠭᠦᠯᠵᠢᠯ ᠤᠨ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠬᠤ ᠮᠠᠲ᠋ᠧᠷᠢᠶᠠᠯ ᠢ ᠨᠡᠬᠡᠬᠡᠨ ᠬᠥᠭᠵᠢᠭᠦᠯᠵᠦ᠂ ᠨᠠᠰᠤᠲᠠᠶᠢᠴᠤᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠡᠷᠡᠭᠦᠯᠵᠢᠯ ᠤᠨ ᠮᠡᠳᠡᠯᠭᠡ ᠴᠢᠳᠠᠪᠤᠷᠢ ᠶᠢ ᠲᠦᠭᠡᠮᠡᠯᠵᠢᠭᠦᠯᠣᠨ᠎ᠠ᠃      ᠬᠤᠶᠠᠷ ᠲᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠢ ᠤᠯᠠᠮ ᠰᠠᠶᠢᠲᠤᠷ ᠬᠢᠨ᠎ᠡ᠃ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠶᠯᠡᠴᠢᠯᠡᠭᠡᠨ ᠤ ᠵᠦᠢᠯᠡᠰ ᠲᠠᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ ᠨᠠᠰᠤᠲᠠᠶᠢᠴᠤᠳ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠣᠨ ᠡᠷᠡᠭᠦᠯ ᠮᠡᠨᠳᠦ ᠶᠢᠨ ᠪᠠᠶᠢᠳᠠᠯ ᠢ ᠦᠨᠡᠯᠡᠨ ᠵᠢᠱᠢᠬᠦ᠂ ᠪᠡᠶ᠎ᠡ ᠶᠢᠨ ᠪᠠᠶᠢᠴᠠᠭᠠᠯᠲᠠ ᠬᠢᠬᠦ᠂ ᠳᠠᠭᠠᠯᠲᠠ ᠪᠠᠶᠢᠴᠠᠭᠠᠯᠲᠠ ᠬᠢᠬᠦ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠥᠭᠬᠦ ᠠᠵᠢᠯ ᠢ ᠨᠠᠶᠢᠳᠠᠪᠤᠷᠢᠵᠢᠭᠤᠯᠤᠨ᠎ᠠ᠃ 2020 ᠣᠨ ᠪᠣᠯᠬᠤ ᠳᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ ᠶᠢ 70%᠎ ᠳᠤ ᠬᠦᠷᠦᠭᠦᠯᠦᠨ᠎ᠡ᠃      ᠭᠤᠷᠪᠠ ᠳᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠤᠷᠢᠳᠴᠢᠯᠠᠨ ᠰᠡᠷᠭᠡᠶᠢᠯᠡᠬᠦ ᠪᠠ ᠬᠠᠮᠢᠶᠠᠷᠬᠤ ᠲᠥᠯᠥᠪᠯᠡᠭᠡ ᠶᠢ ᠡᠬᠢᠯᠡᠭᠦᠯᠵᠦ᠂ ᠶᠠᠳᠠᠭᠤ ᠬᠦᠴᠢᠷᠳᠡᠯᠲᠡᠶ᠂ ᠥᠨᠥᠴᠢᠨ ᠥᠷᠥᠭᠡᠰᠦᠨ᠂ ᠴᠢᠳᠠᠯ ᠲᠡᠩᠬᠡᠭᠡ ᠥᠬᠡᠶ ᠪᠣᠯᠤᠭᠰᠠᠨ᠂ ᠤᠶᠤᠨ ᠤᠬᠠᠭᠠᠨ ᠨᠢ ᠪᠢᠳᠠᠭᠤᠷᠠᠭᠰᠠᠨ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ᠂ ᠭᠠᠭᠴᠠᠭᠠᠷ ᠰᠠᠭᠤᠭ᠎ᠠ ᠥᠲᠡᠭᠦᠰ ᠵᠡᠷᠭᠡ ᠣᠨᠴᠠᠭᠠᠶ ᠬᠥᠮᠦᠰ ᠲᠤ ᠡᠳᠦᠷ ᠲᠤᠲᠤᠮ ᠤᠨ ᠬᠠᠯᠠᠮᠵᠢᠯᠠᠯ ᠪᠣᠯᠤᠨ ᠰᠡᠳᠬᠢᠴᠡ ᠶᠢᠨ ᠳᠡᠮᠵᠢᠯᠭᠡ ᠶᠢᠨ ᠦᠢᠯᠡᠴᠢᠯᠡᠭᠡᠨ ᠬᠠᠩᠭᠠᠨ᠎ᠠ᠃ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠵᠡᠷᠭᠡ ᠡᠪᠡᠳᠴᠢᠨ ᠡᠮᠭᠡᠭ ᠤᠨ ᠲᠣᠭᠠᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠪᠥᠭᠡᠳ ᠲᠤᠰ ᠡᠬᠢ ᠪᠠᠶᠠᠯᠢᠭ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠬᠥᠳᠡᠭᠡ ᠲᠣᠰᠬᠤᠨ᠂ ᠵᠠᠬ᠎ᠠ ᠬᠢᠵᠠᠭᠠᠷ᠂ ᠶᠠᠳᠠᠭᠤ ᠬᠦᠴᠢᠷᠳᠡᠯᠲᠡᠢ᠂ ᠦᠨᠳᠦᠰᠦᠲᠡᠨ ᠤ ᠭᠠᠵᠠᠷ ᠣᠷᠣᠨ ᠢ ᠨᠥᠯᠥᠭᠡᠯᠡᠬᠦ ᠪᠠ ᠬᠠᠮᠤᠷᠬᠤ ᠪᠠᠨ ᠴᠢᠩᠭᠠᠳᠬᠠᠵᠤ᠂ ᠴᠥᠭᠡᠨ ᠲᠣᠭᠠᠲᠤ ᠥᠨᠳᠥᠰᠥᠲᠡᠨ ᠤ ᠥᠷᠭᠡᠨ ᠤᠯᠠᠨ ᠨᠠᠰᠤᠲᠠᠶᠢᠴᠤᠳ ᠲᠤ ᠦᠢᠯᠡᠴᠢᠯᠡᠨ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ᠎ᠠ᠃      ᠳᠥᠷᠪᠡ ᠳᠤ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠦᠷᠢᠶᠡᠯᠡᠩ᠂ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠵᠢᠴᠢ ᠠᠰᠠᠷᠠᠨ ᠰᠤᠪᠢᠯᠠᠬᠤ ᠲᠥᠪ ᠤᠨ ᠪᠠᠶᠢᠭᠤᠯᠤᠯᠲᠠ ᠶᠢ ᠴᠢᠩᠭᠠᠳᠬᠠᠨ᠎ᠠ᠃ 2020 ᠣᠨ ᠪᠣᠯᠬᠤ ᠳᠤ᠂ 35%᠎ ᠠᠴᠠ ᠳᠡᠭᠡᠭᠰᠢ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠶᠢ ᠪᠠᠶᠢᠭᠤᠯᠤᠨ᠎ᠠ᠃ ᠡᠮ ᠡᠮᠨᠡᠯᠭᠡ ᠶᠢᠨ ᠪᠠᠶᠢᠭᠤᠯᠤᠮᠵᠢ ᠨᠢ ᠨᠠᠰᠤᠲᠠᠶᠢᠴᠤᠳ ᠲᠤ ᠳ᠋ᠤᠭᠠᠷᠯᠠᠵᠦ ᠥᠭᠬᠦ᠂ ᠡᠮᠨᠡᠭᠦᠯᠬᠦ ᠵᠡᠷᠭᠡ ᠳᠦᠭᠦᠮ ᠦᠢᠯᠡᠴᠢᠯᠡᠭᠡᠨ ᠤ ᠰᠢᠯᠤᠭᠤᠨ ᠵᠠᠮ ᠢ ᠨᠡᠶᠢᠳᠡᠮ ᠪᠠᠶᠢᠭᠤᠯᠤᠨ᠎ᠠ᠃      ᠲᠠᠪᠤ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠵᠦᠢᠯ ᠤᠨ ᠬᠡᠯᠪᠡᠷᠢ ᠶᠢᠨ ᠭᠡᠷᠡᠲᠦ ᠦᠢᠯᠡᠴᠢᠯᠡᠭᠡ᠂ ᠵᠥᠪᠳᠡᠯᠴᠡᠭᠡᠷ ᠤᠨ ᠬᠠᠮᠲᠤᠷᠠᠯᠴᠠᠭ᠎ᠠ ᠬᠢᠬᠦ ᠶᠢ ᠵᠣᠷᠢᠭᠵᠢᠭᠤᠯᠤᠨ᠎ᠠ᠃ 2020 ᠣᠨ ᠪᠣᠯᠬᠤ ᠳᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠲᠠᠢ ᠤᠶᠠᠯᠳᠤᠭᠤᠯᠤᠨ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ ᠶᠢ 70%᠎ ᠠᠴᠠ ᠳᠡᠭᠡᠭᠰᠢ ᠳᠤ ᠬᠦᠷᠦᠭᠦᠯᠦᠨ᠎ᠡ᠃ ᠪᠥᠬᠦ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠰᠤᠲᠠᠶᠢᠴᠤᠳ ᠲᠤ ᠦᠢᠯᠡᠴᠢᠯᠡᠬᠦ ᠰᠢᠯᠤᠭᠤᠨ ᠵᠠᠮ ᠨᠡᠬᠡᠬᠡᠬᠦ ᠨᠣᠷᠮ᠎ᠠ ᠶᠢ 100%᠎ ᠳᠤ ᠬᠦᠷᠦᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号