ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2019 ᠣᠨ ᠤ | ᠠᠯᠪᠠᠲᠠᠨ ᠡᠯᠰᠡᠬᠦ ᠰᠢᠯᠭᠠᠯᠲᠠ ᠶᠢᠨ ᠠᠵᠢᠯ ᠤᠳᠠᠯ ᠥᠬᠡᠶ ᠡᠬᠢᠯᠡᠬᠦ ᠭᠡᠵᠦ ᠪᠠᠶᠢᠨ᠎ᠠ᠃ ᠲᠣᠰ ᠤᠳᠠᠭᠠᠨ ᠤ ᠡᠯᠰᠡᠯᠲᠠ | ᠳᠤ ᠲᠥᠪ ᠤᠨ 75 ᠪᠠᠶᠢᠭᠤᠯᠭ᠎ᠠ ᠨᠢᠭᠡᠴᠡ ᠪᠠ ᠰᠢᠭᠤᠳ ᠬᠠᠷᠢᠶ᠎ᠠ 20 ᠪᠠᠶᠢᠭᠤᠯᠤᠮᠵᠢ ᠣᠷᠣᠯᠴᠠᠵᠤ᠂ 1.45 | ᠲᠦᠮᠨ ᠭᠠᠷᠤᠶ ᠬᠥᠮᠦᠨ ᠡᠯᠰᠡᠬᠦ ᠪᠠᠷ ᠲᠥᠯᠥᠪᠯᠡᠵᠦ ᠪᠠᠶᠢᠨ᠎ᠠ᠃ | ᠣᠶᠢᠯᠠᠭᠠᠭᠰᠠᠨ ᠢᠶᠠᠷ ᠂ ᠰᠢᠯᠭᠠᠭᠤᠯᠤᠭᠰᠠᠳ ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠦᠨ᠎ᠡ᠂ ᠨᠡᠷ᠎ᠡ ᠮᠡᠳᠡᠭᠦᠯᠬᠦ ᠴᠠᠭ ᠨᠢ 2018 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠠᠴᠠ 10 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠶᠢ | 2018 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠪᠦᠬᠦ ᠤᠯᠤᠰ ᠤᠨ ᠡᠯ᠎ᠡ ᠮᠤᠵᠢ ᠶᠢᠨ ᠲᠥᠪ ᠬᠤᠲᠠ᠂ | ᠥᠪᠡᠷᠲᠡᠭᠡᠨ ᠵᠠᠰᠠᠬᠤ ᠣᠷᠣᠨ ᠤ ᠲᠥᠪ ᠬᠤᠲᠠ᠂ ᠰᠢᠭᠤᠳ ᠬᠠᠷᠢᠶ᠎ᠠ ᠬᠤᠲᠠ ᠪᠠ ᠣᠨᠴᠠ ᠵᠠᠷᠢᠮ ᠲᠣᠮᠣ | ᠬᠤᠲᠠ ᠳᠤ ᠵᠡᠷᠭᠡᠪᠡᠷ ᠬᠢᠨ᠎ᠠ᠃ ᠤᠯᠤᠰ ᠤᠨ ᠠᠯᠪᠠᠲᠠᠨ ᠡᠯᠰᠡᠬᠦ ᠠᠷᠭ᠎ᠠ ᠬᠡᠯᠪᠡᠷᠢ ᠶᠢᠨ ᠲᠠᠯ᠎ᠠ ᠪᠠᠷ᠂ ᠮᠤᠵᠢ ᠶᠢᠨ | ᠲᠠᠰ ᠠᠴᠠ ᠳᠡᠭᠡᠭᠰᠢᠬᠢ ᠪᠣᠯᠤᠨ ᠬᠤᠳᠠ ︵ᠲᠤᠰᠬᠠᠢ ᠣᠷᠣᠨ︶ ᠶᠢᠨ ᠳᠡᠰ ᠠᠴᠠ ᠳᠣᠷᠣᠭᠰᠢᠬᠢ ᠪᠠᠶᠢᠭᠤᠯᠤᠮᠵᠢ ᠶᠢᠨ | ᠲᠤᠰᠢᠶᠠᠯ ᠤᠨ ᠪᠠᠶᠢᠷᠢ ᠳᠤ ᠲᠣᠰ ᠲᠣᠰ ᠣᠯᠠᠨ ᠨᠡᠶᠢᠲᠡ ᠶᠢᠨ ᠰᠢᠯᠭᠠᠯᠲᠠ ᠶᠢᠨ ᠲᠥᠷᠥᠯ ᠤᠨ ᠪᠢᠷ ᠤᠨ | ᠰᠢᠯᠭᠠᠯᠲᠠ ᠶᠢᠨ ᠰᠢᠯᠭᠠᠬᠤ ᠰᠡᠳᠦᠪ ᠭᠠᠷᠭᠠᠵᠤ᠂ ᠠᠳᠠᠯᠢ ᠪᠤᠰᠤ ᠲᠥᠷᠥᠯ ᠢᠯᠭᠠᠯ ᠤᠨ ᠠᠳᠠᠯᠢ ᠪᠤᠰᠤ ᠲᠡᠰ | ᠳᠠᠪᠬᠤᠷᠭ᠎ᠠ ᠶᠢᠨ ᠪᠠᠶᠢᠭᠤᠯᠭ᠎ᠠ ᠳᠤ ᠠᠳᠠᠯᠢ ᠪᠤᠰᠤ ᠬᠡᠷᠡᠭᠴᠡᠭᠡ ᠶᠢᠨ ᠴᠢᠳᠠᠪᠤᠷᠢᠲᠠᠨ ᠢ ᠨᠡᠩ ᠰᠠᠶᠢᠲᠤᠷ ᠬᠠᠩᠭᠠᠬᠤ | ᠪᠣᠯᠣᠨ᠎ᠠ᠃ ᠡᠭᠦᠨ ᠤ ᠬᠠᠮᠲᠤ᠂ ᠠᠵᠢᠯ ᠮᠡᠷᠭᠡᠵᠢᠯ ᠤᠨ ᠴᠢᠳᠠᠪᠤᠷᠢ ᠪᠣᠯᠤᠨ ᠬᠡᠪ ᠴᠢᠨᠠᠷ ᠤᠨ ᠰᠢᠯᠭᠠᠨ ᠪᠠᠶᠢᠴᠠᠭᠠᠯᠲᠠ | ᠶᠢ ᠳᠣᠪᠤᠶᠢᠯᠭᠠᠵᠤ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠳᠤᠮᠳᠠᠳᠤ ᠤᠯᠤᠰ ᠤᠨ ᠦᠨᠡᠲᠦ ᠲᠡᠮᠳᠡᠭᠲᠦ ᠶᠢ ᠬᠢᠨᠠᠨ ᠬᠠᠮᠢᠶᠠᠷᠬᠤ ᠵᠥᠪᠯᠡᠯ ᠤᠨ ᠣᠨᠴᠠᠭᠠᠶ ᠲᠤᠰᠬᠠᠶ ᠮᠡᠷᠭᠡᠵᠢᠯ ᠤᠨ | ᠲᠤᠰᠢᠶᠠᠯ ᠤᠨ ᠪᠠᠶᠢᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠲᠤᠰᠢᠶᠠᠯ ᠤᠨ | ᠪᠠᠶᠢᠷᠢ ᠪᠣᠯᠤᠨ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠲᠠᠢ ᠬᠤᠯᠪᠣᠭ᠎ᠠ ᠠᠪᠬᠤ ᠬᠡᠯᠲᠡᠰ᠂ ᠭᠠᠳᠠᠭᠠᠳᠤ | ᠶᠠᠪᠤᠳᠠᠯ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ᠨᠡᠶᠢᠳᠡᠮ ᠬᠡᠷᠡᠭᠯᠡᠭᠡᠨ ᠤ | ᠪᠤᠰᠤ 8 ᠲᠤᠰᠢᠶᠠᠯ ᠤᠨ ᠪᠠᠶᠢᠷᠢ ᠳᠤ ︽2 + X︾ ᠤᠨ ᠰᠢᠯᠭᠠᠯᠲᠠ ᠶᠢᠨ ᠵᠠᠭᠪᠤᠷ ᠢ ᠬᠡᠷᠡᠭᠵᠢᠭᠦᠯᠦᠨ᠎ᠡ᠂ | ᠲᠤᠬᠠᠶᠢᠯᠠᠪᠠᠯ ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ᠂ ᠣᠨᠣᠯ ᠦᠭᠦᠯᠡᠬᠦᠶ ᠶᠢᠨ | ᠬᠤᠶᠠᠷ ᠵᠦᠢᠯ ᠤᠨ ᠨᠡᠶᠢᠲᠡ ᠶᠢᠨ ᠬᠢᠴᠢᠶᠡᠯ ᠤᠨ ᠰᠢᠯᠭᠠᠯᠲᠠ ᠶᠢ ᠭᠠᠷᠭᠠᠪᠠᠯ᠂ ᠰᠢᠯᠭᠠᠭᠤᠯᠤᠭᠴᠢ ᠪᠠᠰᠠ ᠲᠤᠰᠬᠠᠶ | ᠮᠡᠷᠭᠡᠵᠢᠯ ᠤᠨ ᠬᠢᠴᠢᠶᠡᠯ ᠤᠨ ᠨᠢᠭᠡᠳᠦᠯᠲᠡᠶ ᠰᠢᠯᠭᠠᠯᠲᠠ ᠪᠤᠶᠤ ᠭᠠᠳᠠᠭᠠᠳᠤ ᠬᠡᠯᠡᠨ ᠤ ᠬᠢᠷᠢ ᠬᠡᠮᠵᠢᠶᠡᠨ ᠤ ᠰᠢᠯᠭᠠᠯᠲᠠ | ᠳᠤ ᠣᠷᠣᠯᠴᠠᠨ᠎ᠠ᠂ ᠪᠤᠰᠤᠳ 41 ᠨᠢᠭᠡᠴᠢ ᠨᠢ ᠨᠢᠭᠤᠷᠲᠠᠨ ᠰᠢᠯᠭᠠᠬᠤ ᠱᠠᠲᠤᠨ ᠳᠤ ᠲᠤᠰᠬᠠᠶ ᠮᠡᠷᠭᠡᠵᠢᠯ ᠤᠨ | ᠴᠢᠳᠠᠪᠤᠷᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠵᠤ ᠰᠢᠯᠭᠠᠨ᠎ᠠ᠃ | ᠲᠣᠰ ᠤᠳᠠᠭᠠᠨ ᠤ ᠠᠯᠪᠠᠲᠠᠨ ᠡᠯᠰᠡᠬᠦ ᠳᠤ ᠦᠨᠳᠦᠰᠦᠨ ᠱᠠᠲᠤ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠎ᠠ᠃ ᠮᠤᠵᠢ ᠶᠢᠨ ᠱᠠᠲᠤᠨ ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠨᠤᠭᠤᠳ | ᠠᠯᠪᠠᠲᠠᠨ ᠡᠯᠰᠡᠬᠦ ᠳᠤ᠂ ᠣᠨᠴᠠᠭᠠᠶ ᠲᠤᠰᠢᠶᠠᠯ ᠤᠨ ᠪᠠᠶᠢᠷᠢ ᠪᠣᠯᠤᠨ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ | ᠴᠢᠩᠭ᠎ᠠ ᠬᠡᠰᠡᠭ ᠲᠤᠰᠢᠶᠠᠯ ᠤᠨ ᠪᠠᠶᠢᠷᠢ ᠶᠢ ᠭᠠᠷᠭᠠᠪᠠᠯ᠂ ᠪᠦᠬᠦ ᠡᠯᠰᠡᠯᠲᠡ ᠳᠤ 2 ᠵᠢᠯ ᠠᠴᠠ ᠳᠡᠭᠡᠭᠰᠢ ᠦᠨᠳᠦᠰᠦᠨ | ᠱᠠᠲᠤᠨ ᠳᠤ ᠠᠵᠢᠯᠯᠠᠭᠰᠠᠨ ᠥᠩᠭᠡᠷᠡᠯᠲᠡ ᠲᠠᠢ ᠬᠦᠮᠣᠠ ᠢ ᠡᠯᠰᠡᠵᠦ᠂ ᠬᠤᠲᠠ ︵ᠲᠤᠰᠬᠠᠢ ᠣᠷᠣᠨ︶ ᠶᠢᠨ ᠱᠠᠲᠤ | ᠵᠢᠴᠢ ᠲᠡᠭᠦᠨ ᠠᠴᠠ ᠳᠣᠷᠣᠭᠰᠢᠬᠢ ᠪᠠᠶᠢᠭᠤᠯᠤᠮᠵᠢ ᠶᠢᠨ ᠠᠵᠢᠯ ᠤᠨ ᠪᠠᠶᠢᠷᠢ ᠳᠤ ᠲᠣᠰ ᠵᠢᠯ ᠶᠡᠭᠡ ᠳᠡᠭᠡᠳᠦ | ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢ ᠡᠯᠰᠡᠬᠦ ᠪᠠᠷ ᠭᠤᠣᠯ ᠪᠣᠯᠭᠠᠵᠤ᠂ ᠶᠡᠭᠡ ᠳᠡᠭᠡᠳᠦ ᠰᠤᠷᠭᠠᠭᠤᠯᠢ ᠶᠢᠨ | ᠰᠢᠯᠢᠳᠡᠭ ᠰᠣᠷᠣᠭᠴᠢᠳ ᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠦᠨᠳᠦᠰᠦᠨ ᠱᠠᠲᠤᠨ ᠤ | ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠰᠢᠯᠭᠠᠭᠤᠯᠵᠤ᠂ ᠦᠨᠳᠦᠰᠦᠨ ᠱᠠᠲᠤᠨ ᠳᠤ ᠣᠴᠢᠵᠤ ᠦᠢᠯᠡᠰ | ᠪᠦᠲᠦᠭᠡᠵᠦ ᠠᠵᠢᠯ ᠦᠢᠯᠡᠰ ᠴᠣᠭᠴᠠᠯᠠᠭᠤᠯᠤᠨ᠎ᠠ᠃ ᠬᠤᠲᠠ ︵ᠲᠤᠰᠬᠠᠢ ᠣᠷᠣᠨ︶ ᠶᠢᠨ ᠱᠠᠲᠤ ᠵᠢᠴᠢ ᠲᠡᠭᠦᠨ ᠠᠴᠠ | ᠳᠣᠷᠣᠭᠰᠢᠬᠢ ᠪᠠᠶᠢᠭᠤᠯᠤᠮᠵᠢ ᠶᠢᠨ ᠲᠤᠰᠢᠶᠠᠯ ᠤᠨ ᠪᠠᠶᠢᠷᠢ ᠳᠤ᠂ ᠵᠠᠷᠴᠢᠮ ᠳᠡᠭᠡᠷ᠎ᠡ ᠪᠠᠨ ᠦᠢᠯᠡᠴᠢᠯᠡᠬᠦ | ᠬᠤᠭᠤᠴᠠᠭ᠎ᠠ ᠨᠢ ᠳᠠᠭᠤᠰᠴᠤ ᠬᠢᠨᠠᠨ ᠰᠢᠯᠭᠠᠭᠠᠳ ᠬᠢᠷᠢ ᠲᠡᠩᠴᠡᠭᠰᠡᠨ ᠦᠨᠳᠦᠰᠦᠨ ᠱᠠᠲᠤᠨ ᠳᠤ ᠦᠢᠯᠡᠴᠢᠯᠡᠬᠦ | ᠲᠥᠷᠥᠯ ᠵᠦᠢᠯ ᠤᠨ ᠬᠥᠮᠥᠰ ᠠᠴᠠ 10% ᠠᠴᠠ 15% ᠶᠢ ᠨᠢ ᠬᠠᠨᠳᠤᠯᠭ᠎ᠠ ᠲᠠᠢ ᠪᠠᠷ ᠡᠯᠰᠡᠨ ᠬᠡᠷᠡᠭᠯᠡᠨ᠎ᠡ᠂ | ᠡᠭᠦᠨ ᠳᠤ ᠭᠤᠣᠯᠳᠠᠭᠤ ᠣᠶᠤᠲᠠᠨ ᠭᠠᠴᠠᠭᠠᠨ ᠳᠠᠷᠤᠭ᠎ᠠ ᠶᠢ ᠡᠯᠰᠡᠨ᠎ᠡ᠃ | ᠨᠡᠷ᠎ᠡ ᠮᠡᠳᠡᠭᠦᠯᠬᠦ ᠰᠠᠨᠠᠭ᠎ᠠ ᠲᠠᠢ ᠬᠥᠮᠥᠰ 10 ᠳ᠋ᠤᠭᠠᠷ ᠰᠠᠷ᠎ᠠ ᠶᠢᠨ 21 ᠤ ᠡᠳᠦᠷ ᠠᠴᠠ ᠬᠤᠶᠢᠰᠢ᠂ | ᠤᠯᠤᠰ ᠤᠨ ᠠᠯᠪᠠᠲᠠᠨ ᠤ ᠲᠣᠪᠴᠢᠶ᠎ᠠ ᠶᠢᠨ ᠫᠣᠷᠲ᠋ᠧᠯ ᠰᠦᠯᠵᠢᠶ᠎ᠡ (http://www.scs.gov.cn︶ ᠪᠠ | ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2019 ᠣᠨ ᠤ ᠠᠯᠪᠠᠲᠠᠨ | ᠡᠯᠰᠡᠬᠦ ᠲᠤᠰᠬᠠᠶ ᠰᠦᠯᠵᠢᠶ᠎ᠡ(http://bm.scs.gov.cn/kl2019) ᠠᠴᠠ ᠰᠢᠯᠭᠠᠨ ᠡᠯᠰᠡᠬᠦ ᠠᠯᠪᠠᠨ | ᠵᠠᠷ᠂ ᠰᠢᠯᠭᠠᠨ ᠡᠯᠰᠡᠬᠦ ᠲᠤᠰᠢᠶᠠᠯ ᠤᠨ ᠪᠠᠶᠢᠷᠢ᠂ ᠰᠢᠯᠭᠠᠨ ᠡᠯᠰᠡᠬᠦ ᠵᠦᠭᠯᠡᠭᠦᠷ᠂ ᠰᠢᠯᠭᠠᠯᠲᠠ ᠶᠢᠨ ᠬᠥᠲᠥᠯᠪᠦᠷᠢ᠂ | ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠵᠡᠷᠭᠡ ᠮᠡᠳᠡᠭᠡ ᠵᠠᠩᠭᠢ ᠶᠢ ᠯᠠᠪᠯᠠᠵᠤ ᠪᠣᠯᠣᠨ᠎ᠠ᠃ |