ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠤᠰᠤᠨ ᠭᠠᠷᠤᠯᠲᠠ ᠶᠢᠨ ᠶᠡᠷᠦᠩᠬᠡᠶ ᠬᠢᠷᠢ ᠲᠡᠩᠴᠡᠯ ᠎ ᠤᠨ ᠨᠤᠷᠮ᠎ᠠ 5 ᠵᠢᠯ ᠳᠠᠷᠠᠭᠠᠯᠠᠨ 96%᠎ ᠠᠴᠠ ᠳᠡᠭᠡᠭᠰᠢ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2018/10/23
     10 ᠳ᠋ᠤᠭᠠᠷ ᠰᠠᠷ᠎ᠠ ᠶᠢᠨ 20᠎ ᠤ ᠡᠳᠦᠷ᠂ ᠥᠪᠥᠷ ᠮᠣᠩᠭᠤᠯ ᠤᠨ ᠶᠠᠰᠤ ᠴᠢᠨᠠᠷ ᠢᠶᠠᠷ ᠬᠥᠳᠡᠭᠡ ᠠᠵᠤ ᠠᠬᠤᠢ ᠶᠢ ᠬᠦᠭᠵᠢᠭᠦᠯᠬᠦ ᠲᠦᠮᠡᠨ ᠭᠠᠵᠠᠷ ᠤᠨ ᠠᠶᠠᠯᠠᠯ ᠤᠨ ᠠᠵᠢᠯᠯᠠᠭ᠎ᠠ ᠬᠥᠬᠡᠬᠤᠲᠠ ᠳᠤ ᠡᠬᠢᠯᠡᠪᠡ᠃ ᠤᠶᠢᠯᠠᠭᠠᠭᠰᠠᠨ ᠢᠶᠠᠷ᠂ ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠦᠬᠦ ᠲᠠᠯ᠎ᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠲᠠᠷᠢᠶᠠᠯᠠᠩ ᠮᠠᠯ ᠠᠵᠤ ᠠᠬᠤᠶ ᠤᠰᠤᠨ ᠭᠠᠷᠤᠯᠲᠠ ᠶᠢᠨ ᠶᠡᠷᠦᠩᠬᠡᠶ ᠬᠢᠷᠢ ᠲᠡᠩᠴᠡᠯ ᠤᠨ ᠨᠤᠷᠮ᠎ᠠ 5 ᠵᠢᠯ ᠳᠠᠷᠠᠭᠠᠯᠠᠨ 96%᠎ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ ᠲᠤᠮᠤ ᠶᠡᠭᠡ ᠬᠡᠷᠡᠭ ᠶᠠᠪᠤᠳᠠᠯ ᠡᠭᠦᠰᠦᠭᠰᠡᠨ ᠦᠭᠡᠢ ᠪᠠᠶᠢᠳᠠᠭ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠣᠷᠣᠨ ᠤ 12 ᠠᠶᠢᠮᠠᠭ ᠬᠤᠲᠠ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠬᠤᠰᠢᠭᠤ ᠰᠢᠶᠠᠨ ᠴᠦᠮ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠵᠤ᠂ ᠪᠦᠬᠦ ᠣᠷᠣᠨ ᠤ 784 ᠰᠤᠮᠤ ᠰᠢᠶᠠᠩ ᠪᠠᠯᠭᠠᠰᠤ ᠪᠤᠰᠤᠳ ᠲᠤ ᠲᠦᠰᠢᠭᠯᠡᠬᠦ ᠪᠤᠶᠤ ᠪᠡᠶ᠎ᠡ ᠳᠠᠭᠠᠭᠠᠨ ᠥᠷᠲᠡᠭᠡ ᠪᠠᠶᠢᠭᠤᠯᠬᠤ ᠬᠡᠯᠪᠡᠷᠢ ᠪᠠᠷ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠥᠷᠲᠡᠭᠡ ᠪᠠᠶᠢᠭᠤᠯᠵᠤ᠂ ᠪᠥᠬᠦ ᠣᠷᠣᠨ ᠤ ᠲᠤᠰᠬᠠᠶ ᠲᠤᠰᠢᠶᠠᠯᠲᠤ ᠪᠠ ᠲᠤᠰᠢᠶᠠᠯ ᠬᠠᠪᠰᠤᠷᠭᠠᠭᠰᠠᠨ ᠬᠢᠨᠠᠯᠲᠠ ᠬᠠᠮᠢᠶᠠᠷᠤᠯᠲᠠ ᠶᠢᠨ ᠬᠥᠮᠦᠨ ᠤ ᠲᠤᠭ᠎ᠠ 3300 ᠭᠠᠷᠤᠶ ᠎ ᠳᠤ ᠬᠦᠷᠪᠡ᠃ ᠪᠦᠬᠦ ᠤᠷᠤᠨ ᠬᠥᠳᠡᠭᠡ ᠠᠵᠤ ᠠᠬᠤᠶ ᠶᠢᠨ ᠶᠠᠮᠤᠨ ᠤ ᠬᠢᠨᠠᠯᠲᠠ ᠲᠠᠯᠪᠢᠬᠤ ᠰᠢᠯᠭᠠᠨ ᠪᠠᠶᠢᠴᠠᠭᠠᠬᠤ ᠲᠠᠷᠢᠶᠠᠯᠠᠩ ᠤᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ᠂ ᠲᠡᠵᠢᠭᠡᠯ ᠪᠤᠷᠳᠤᠭ᠎ᠠ᠂ ᠡᠪᠡᠰᠦᠨ ᠦᠷ᠎ᠡ ᠶᠢᠨ ᠲᠥᠪ ᠢ 4 ᠪᠠᠶᠢᠭᠤᠯᠵᠤ᠂ 12 ᠠᠶᠢᠮᠠᠭ ᠬᠤᠲᠠ ᠶᠢᠨ ᠱᠠᠲᠤ᠂ 93 ᠬᠤᠰᠢᠭᠤ ᠰᠢᠶᠠᠨ ᠤ ᠱᠠᠲᠤᠨ ᠤ ᠰᠢᠯᠭᠠᠨ ᠬᠡᠮᠵᠢᠬᠦ ᠪᠠᠶᠢᠭᠤᠯᠤᠮᠵᠢ ᠨᠢ ᠪᠦᠳᠦᠭᠡᠨ ᠪᠠᠶᠢᠭᠤᠯᠤᠯᠲᠠ ᠶᠢᠨ ᠵᠥᠪᠰᠢᠶᠡᠷᠡᠯ ᠤᠯᠵᠤ᠂ ᠪᠥᠬᠦ ᠣᠷᠣᠨ ᠤ ᠰᠢᠯᠭᠠᠨ ᠬᠡᠮᠵᠢᠬᠦ ᠠᠵᠢᠯᠳᠠᠨ 900 ᠭᠠᠷᠤᠶ ᠳᠤ ᠬᠦᠷᠴᠦ᠂ ᠪᠠᠶᠢᠴᠠᠭᠠᠨ ᠬᠡᠮᠵᠢᠬᠦ ᠴᠢᠳᠠᠪᠤᠷᠢ ᠨᠢ ᠲᠠᠰᠤᠷᠠᠯᠲᠠ ᠥᠬᠡᠶ ᠳᠡᠭᠡᠭᠰᠢᠯᠡᠪᠡ᠃ ᠪᠥᠬᠦ ᠣᠷᠣᠨ ᠤ 12 ᠠᠶᠢᠮᠠᠭ ᠬᠤᠲᠠ ᠪᠣᠯᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠬᠤᠰᠢᠭᠤ ᠰᠢᠶᠠᠨ ᠴᠦᠮ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠᠶᠢᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠬᠥᠮᠦᠨ ᠤ ᠲᠤᠭ᠎ᠠ 1300 ᠭᠠᠷᠤᠶ ᠳᠤ ᠬᠦᠷᠴᠦ᠂ ᠬᠠᠤᠯᠢ ᠬᠡᠷᠡᠭᠵᠢᠭᠦᠯᠬᠦ ᠴᠢᠳᠠᠪᠤᠷᠢ ᠨᠢ ᠲᠠᠰᠤᠷᠠᠯᠲᠠ ᠦᠭᠡᠢ ᠳᠡᠭᠡᠭᠰᠢᠯᠡᠪᠡ᠃ ᠡᠭᠦᠨ ᠠᠴᠠ ᠭᠠᠳᠠᠨ᠎ᠠ᠂ ᠮᠠᠨ ᠤ ᠣᠷᠣᠨ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠦᠷᠭᠦᠯᠵᠢᠯᠡᠨ ᠲᠦᠯᠬᠢᠨ ᠠᠬᠢᠭᠤᠯᠵᠤ᠂ ᠭᠠᠷᠤᠯᠲᠠ ᠶᠢᠨ ᠣᠷᠣᠨ ᠤ ᠣᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠵᠠᠰᠠᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠯᠲᠠ ᠡᠵᠡᠮᠳᠡᠯᠲᠡ ᠶᠢ ᠴᠢᠩᠭᠠᠷᠠᠭᠤᠯᠵᠤ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠨ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠦᠬᠦ ᠲᠠᠯ᠎ᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠡᠨᠡ ᠵᠢᠯ ᠪᠣᠯ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠣᠭᠲᠠᠭᠠᠭᠰᠠᠨ ︽ᠬᠥᠳᠡᠭᠡ ᠠᠵᠤ ᠠᠬᠤᠢ ᠶᠢᠨ ᠶᠠᠰᠤ ᠴᠢᠨᠠᠷ ᠤᠨ ᠣᠨ︾ ᠮᠦᠨ᠂ ᠮᠥᠨ ᠴᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ 10 ᠲᠣᠮᠣ ᠠᠵᠢᠯᠯᠠᠭ᠎ᠠ ᠶᠢᠨ ᠲᠥᠯᠥᠪᠯᠡᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠮᠠᠨ ᠤ ᠣᠷᠣᠨ ᠡᠨᠡ ᠵᠢᠯ ᠠᠴᠠ ᠡᠬᠢᠯᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ︽ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠶᠢ ᠡᠬᠢᠯᠡᠭᠦᠯᠵᠦ᠂ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ 20%᠎ ᠶᠢᠨ ᠬᠤᠰᠢᠭᠤ ᠰᠢᠶᠠᠨ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ᠪᠠᠷᠢᠮᠵᠢᠶ᠎ᠠ ᠳᠤ ᠬᠦᠷᠦᠭᠦᠯᠵᠦ᠂ 50%᠎ ᠠᠴᠠ ᠳᠡᠭᠡᠭᠰᠢᠬᠢ ᠬᠤᠰᠢᠭᠤ ᠰᠢᠶᠠᠨ ᠢ ᠥᠪᠡᠷᠲᠡᠭᠡᠨ ᠵᠠᠰᠠᠭ ᠣᠷᠣᠨ ᠤ ᠠᠮᠤᠷ ᠲᠦᠪᠰᠢᠨ ᠰᠢᠶᠠᠨ ᠤ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠨ᠎ᠠ︔ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾᠎ ᠶᠢᠨ ᠬᠠᠷᠢᠴᠠᠯ ᠢ 50%᠎ ᠠᠴᠠ ᠳᠡᠭᠡᠭᠰᠢ ᠳᠤ ᠬᠦᠷᠦᠭᠦᠯᠵᠦ᠂ ᠬᠡᠪᠰᠢᠭᠰᠡᠨ ᠬᠢᠨᠠᠨ ᠬᠡᠮᠵᠢᠯᠲᠡ ᠶᠢᠨ ᠬᠢᠷᠢ ᠲᠡᠩᠴᠡᠯ ᠤᠨ ᠨᠤᠷᠮ᠎ᠠ ᠶᠢ 96%᠎ ᠠᠴᠠ ᠳᠡᠭᠡᠭᠰᠢ ᠳᠤ ᠬᠦᠷᠦᠭᠦᠯᠦᠨ᠎ᠡ᠃      ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠶᠠᠰᠤ ᠴᠢᠨᠠᠷ ᠢᠶᠠᠷ ᠬᠥᠳᠡᠭᠡ ᠠᠵᠤ ᠠᠬᠤᠢ ᠶᠢ ᠬᠦᠭᠵᠢᠭᠦᠯᠬᠦ ᠲᠦᠮᠡᠨ ᠭᠠᠵᠠᠷ ᠤᠨ ᠠᠶᠠᠯᠠᠯ ᠤᠨ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠣᠷᠣᠨ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠰᠤ ᠴᠢᠨᠠᠷ ᠢᠶᠠᠷ ᠲᠠᠷᠢᠶᠠᠯᠠᠩ ᠮᠠᠯ ᠠᠵᠤ ᠠᠬᠤᠢ ᠶᠢ ᠬᠦᠭᠵᠢᠭᠦᠯᠬᠦ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠫᠷᠤᠭ᠍ᠷᠠᠮ ᠦᠵᠡᠭᠦᠯᠵᠦ ᠨᠡᠪᠲᠡᠷᠡᠭᠦᠯᠬᠦ ᠠᠵᠢᠯᠯᠠᠭ᠎ᠠ ᠦᠷᠨᠢᠭᠦᠯᠵᠦ᠂ ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠭᠰᠢᠨ ᠢ ᠤᠯᠠᠨ ᠲᠠᠯ᠎ᠠ ᠪᠠᠷ ᠢᠯᠡᠷᠡᠭᠦᠯᠵᠦ᠂ ᠣᠶᠢᠷ᠎ᠠ ᠶᠢᠨ ᠵᠢᠯ ᠤᠨ ᠲᠤᠷᠰᠢᠳᠠ ᠮᠠᠨ ᠤ ᠣᠷᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠨᠢᠭᠦᠯᠦᠭᠰᠡᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号