ᠬᠥᠬᠡᠬᠤᠲᠠ 2018 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠬᠡᠷ ᠤᠨ ᠠᠮᠢᠳᠤᠷᠠᠯ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠮᠥᠩᠭᠦ ᠶᠢ 2386 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2018/10/23
     ᠭᠡᠷ ᠤᠨ ᠠᠮᠢᠳᠤᠷᠠᠯ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠲᠤ ᠴᠠᠭ ᠲᠤᠬᠠᠶ ᠳᠤ ᠨᠢ ᠨᠥᠬᠦᠪᠥᠷᠢ ᠣᠯᠭᠤᠬᠤ ᠶᠢ ᠦᠨᠡᠨ ᠬᠦ ᠪᠠᠲᠤᠯᠠᠵᠦ᠂ ᠤᠯᠤᠰ ᠤᠨ ᠲᠤᠰᠠᠯᠠᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢᠨ ᠲᠤᠰᠠᠳᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2018 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠬᠡᠷ ᠤᠨ ᠠᠮᠢᠳᠤᠷᠠᠯ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠮᠥᠩᠭᠦ ᠶᠢ ᠨᠡᠶᠢᠲᠡ 2386 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠄ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ 1389 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 281 ᠲᠦᠮᠡᠨ ᠲᠥᠭᠦᠷᠢᠭ᠂ ᠬᠤᠲᠠ ᠶᠢᠨ ᠳᠤᠰ ᠱᠠᠲᠤᠨ ᠤ ᠪᠡᠯᠡ ᠮᠥᠩᠭᠦ 216 ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ ᠤᠨ ᠢᠵᠢ ᠪᠦᠷᠢᠳᠦᠭᠦᠯᠬᠦ ᠪᠠᠯᠠ ᠮᠥᠩᠭᠦ 500 ᠲᠦᠮᠡᠨ ᠲᠥᠭᠦᠷᠢᠭ ᠪᠠᠶᠢᠵᠤ᠂ ᠪᠠᠭ᠎ᠠ ᠰᠤᠷᠭᠠᠭᠤᠯᠢ ᠶᠢᠨ ᠰᠣᠷᠣᠭᠴᠢ ᠪᠦᠷᠢ ᠵᠢᠯ ᠳᠤ 1000 ᠲᠥᠭᠦᠷᠢᠭ᠂ ᠠᠩᠬ᠎ᠠ ᠳᠤᠮᠳᠠᠳᠤ ᠶᠢᠨ ᠰᠣᠷᠣᠭᠴᠢ ᠪᠦᠷᠢ ᠵᠢᠯ ᠳᠤ 1250 ᠲᠥᠭᠦᠷᠢᠭ᠂ ᠣᠨᠴᠠᠭᠠᠶ ᠲᠥᠷᠥᠯ ᠤᠨ ᠰᠤᠷᠤᠭᠴᠢ ᠪᠦᠷᠢ ᠵᠢᠯ ᠳᠤ 1250 ᠲᠥᠭᠦᠷᠢᠭ ᠤᠨ ᠪᠠᠷᠢᠮᠵᠢᠶ᠎ᠠ ᠪᠠᠷ ᠣᠯᠭᠤᠵᠠᠢ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠰᠢᠭᠤ ᠰᠢᠶᠠᠨ ᠤ ᠡᠳ᠋ ᠤᠨ ᠵᠠᠰᠠᠭ ᠤᠨ ᠡᠭᠦᠷᠭᠡᠯᠡᠬᠦ ᠬᠠᠷᠢᠴᠠᠯ ᠨᠢ ᠲᠤᠰ ᠪᠦᠷᠢ 5᠄ 2᠄ 3 ᠪᠣᠯᠣᠨ᠎ᠠ᠂ ᠣᠳᠣᠬᠠᠨ ᠪᠣᠯᠲᠠᠯ᠎ᠠ᠂ 2018 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠬᠡᠷ ᠤᠨ ᠠᠮᠢᠳᠤᠷᠠᠯ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠮᠥᠩᠭᠦ ᠶᠢ ᠨᠢᠭᠡᠨᠲᠡ ᠪᠥᠬᠦᠳᠡ ᠶᠢ ᠪᠠᠭᠤᠯᠭᠠᠵᠤ ᠪᠠᠷᠠᠪᠠ᠂ ᠬᠥᠬᠡᠬᠤᠲᠠ ᠠᠴᠠ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠣᠨ ᠰᠤᠷᠭᠠᠭᠤᠯᠢ ᠨᠤᠭᠤᠳ ᠲᠤ ᠪᠠᠯᠠ ᠮᠦᠩᠭᠦᠨ ᠤ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠲᠤ ᠲᠤᠰᠠᠯᠠᠮᠵᠢ ᠣᠯᠭᠤᠬᠤ ᠶᠢ ᠦᠨᠡᠨ ᠬᠦ ᠪᠠᠲᠤᠯᠠᠨ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠭᠦᠨ ᠤ ᠬᠠᠮᠢᠶᠠᠷᠤᠯᠲᠠ ᠪᠣᠯᠣᠨ ᠣᠯᠭᠤᠯᠲᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号