ᠨᠢᠭᠡᠴᠢ ᠨᠦᠭᠦᠳ ᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ | ᠴᠢᠩᠭᠠᠳᠬᠠᠨ᠂ ᠨᠡᠶᠢᠳᠡᠮ ᠪᠠᠶᠢᠴᠠᠭᠠᠭᠳᠠᠬᠤ ᠨᠢᠭᠡᠴᠢ ᠶᠢ ᠳᠠᠪᠬᠤᠷᠯᠠᠭᠤᠯᠬᠤ ᠦᠭᠡᠢ ᠣᠷᠬᠢᠭᠳᠠᠭᠤᠯᠬᠤ ᠦᠭᠡᠢ | ᠪᠠᠶᠢᠬᠤ ᠶᠢ ᠪᠠᠲᠤᠯᠠᠬᠤ ᠶᠢᠨ ᠲᠥᠯᠥᠭᠡ᠂ ᠪᠥᠬᠦ ᠠᠶᠢᠮᠠᠭ ᠲᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ | ᠠᠬᠢᠭᠤᠯᠬᠤ ᠬᠤᠷᠠᠯ ᠬᠢᠭᠰᠡᠨ ᠤ ᠳᠠᠷᠠᠭ᠎ᠠ᠂ 10 ᠳ᠋ᠤᠭᠠᠷ ᠰᠠᠷ᠎ᠠ ᠶᠢᠨ 16 ᠤ ᠡᠳᠦᠷ ᠠᠴᠠ ᠡᠬᠢᠯᠡᠨ᠂ ᠬᠢᠩᠭᠠᠨ | ᠠᠶᠢᠮᠠᠭ ᠨᠢᠭᠡᠴᠢ ᠨᠦᠭᠦᠳ ᠢ ᠲᠣᠳᠣᠯᠣᠨ ᠪᠠᠶᠢᠴᠠᠭᠠᠬᠤ ᠠᠵᠢᠯ ᠢ ᠰᠢᠮᠳᠠᠭᠤᠯᠤᠨ ᠵᠢᠯᠣᠭᠤᠳᠬᠤ ᠠᠵᠢᠯ ᠢ ᠪᠥᠬᠦ | ᠲᠠᠯ᠎ᠠ ᠪᠠᠷ ᠥᠷᠨᠢᠭᠦᠯᠵᠦ᠂ 6 ᠬᠤᠰᠢᠭᠤ ᠰᠢᠶᠠᠨ ᠬᠤᠲᠠ ᠶᠢᠨ ︽ᠳᠥᠷᠪᠡᠳᠦᠭᠡᠷ ᠤᠳᠠᠭᠠᠨ ᠤ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ︾ ᠳᠠᠬᠢ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ᠂ ᠵᠠᠷᠤᠳᠠᠯ ᠢ ᠪᠠᠲᠤᠯᠠᠬᠤ᠂ | ᠠᠵᠢᠯᠳᠡᠠ ᠢ ᠨᠢ ᠨᠠᠶᠢᠳᠠᠪᠤᠷᠢᠵᠢᠭᠤᠯᠵᠤ᠂ ᠡᠳ᠋ ᠪᠣᠳᠠᠰ ᠢ ᠪᠤᠳᠠᠲᠠᠶᠢᠵᠢᠭᠤᠯᠬᠤ᠂ ᠤᠬᠠᠭᠤᠯᠤᠨ ᠳᠠᠶᠢᠴᠢᠯᠠᠬᠤ᠂ | ᠰᠠᠯᠠᠭ᠎ᠠ ᠮᠥᠴᠢᠷ ᠤᠳ ᠢ ᠵᠣᠬᠢᠴᠠᠭᠤᠯᠬᠤ ᠵᠡᠷᠭᠡ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠪᠠᠶᠢᠳᠠᠯ ᠵᠢᠴᠢ | ᠨᠢᠭᠡᠴᠢ ᠨᠦᠭᠦᠳ ᠢ ᠲᠣᠳᠣᠯᠣᠨ ᠪᠠᠶᠢᠴᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠪᠠ᠃ ᠬᠢᠨᠠᠨ | ᠪᠠᠶᠢᠴᠠᠭᠠᠬᠤ ᠶᠠᠪᠤᠴᠠ ᠳᠤ᠂ ᠬᠤᠰᠢᠭᠤ ᠰᠢᠶᠠᠨ ᠨᠢᠭᠡ ᠪᠦᠷᠢ ᠳᠤ ᠬᠦᠷᠬᠦ ᠪᠣᠯᠭᠠᠨ᠂ ᠰᠢᠮᠳᠠᠭᠤᠯᠤᠨ ᠪᠠᠶᠢᠴᠠᠭᠠᠬᠤ | ᠳᠤᠭᠤᠶᠢᠯᠠᠩ ᠤᠨ ᠬᠢᠨ ᠤᠷᠢᠳᠠᠪᠠᠷ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤ ᠮᠡᠳᠡᠭᠦᠯᠦᠯᠲᠡ ᠶᠢ | ᠰᠣᠨᠣᠰᠬᠤ ᠶᠢᠨ ᠬᠠᠮᠲᠤ ᠬᠤᠰᠢᠭᠤ ᠰᠢᠶᠠᠨ ᠬᠤᠲᠠ ᠶᠢᠨ ᠤᠳᠤᠷᠢᠳᠤᠯᠭ᠎ᠠ ᠪᠣᠯᠣᠨ ᠨᠡᠶᠢᠳᠡᠮ ᠪᠠᠶᠢᠴᠠᠭᠠᠯᠲᠠ ᠶᠢᠨ | ᠠᠯᠪᠠᠨ ᠭᠡᠷ ᠤᠨ ᠠᠵᠢᠯᠲᠠᠨ ᠯᠤᠭ᠎ᠠ ᠭᠦᠨᠵᠡᠭᠡᠢ ᠨᠠᠷᠢᠨ ᠶᠠᠷᠢᠯᠴᠠᠪᠠ᠃ ᠯᠢ ᠲᠣᠪᠴᠢᠶ᠎ᠠ ᠶᠢᠨ ᠳᠠᠷᠤᠭ᠎ᠠ | ᠴᠢᠬᠤᠯᠠᠴᠢᠯᠠᠭᠰᠠᠨ ᠨᠢ᠂ ᠬᠤᠰᠢᠭᠤ ᠰᠢᠶᠠᠨ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ | ᠵᠣᠭᠰᠣᠯᠲᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠡᠵᠢᠭᠳᠡᠯ ᠢ ᠪᠠᠶᠢᠴᠠᠭᠠᠨ | ᠣᠷᠬᠢᠭᠳᠠᠯ ᠢ ᠨᠥᠬᠦᠬᠦ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ | ︽ᠠᠶᠠᠨ ᠲᠠᠶᠢᠨ ᠤ ᠤᠷᠳᠤ ᠵᠠᠮ ︾ ᠢᠶᠠᠷ ᠳᠠᠬᠢᠨᠲᠠ ᠵᠠᠮᠨᠠᠵᠤ᠂ ᠨᠡᠶᠢᠳᠡᠮ ᠪᠠᠶᠢᠴᠠᠭᠠᠯᠲᠠ ᠬᠢᠭᠰᠡᠨ ᠣᠷᠣᠨ ᠢ ᠳᠠᠬᠢᠨ | ᠨᠢᠭᠡ ᠤᠳᠠᠭ᠎ᠠ ᠨᠠᠷᠢᠨ ᠬᠢᠨᠠᠮᠠᠭᠠᠢ ᠲᠣᠳᠣᠯᠣᠨ ᠪᠠᠶᠢᠴᠠᠭᠠᠵᠤ᠂ ᠪᠠᠶᠢᠴᠠᠭᠠᠬᠤ ᠨᠢᠭᠡᠴᠢ ᠶᠢ ᠳᠠᠪᠬᠤᠷᠯᠠᠭᠤᠯᠬᠤ ᠦᠭᠡᠢ | ᠣᠷᠬᠢᠭᠳᠠᠭᠤᠯᠬᠤ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠤᠷᠠᠯ ᠤᠨ ᠳᠠᠷᠠᠭ᠎ᠠ᠂ | ᠬᠤᠰᠢᠭᠤ ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠨᠥᠬᠦᠳ ᠤᠨ ᠪᠠᠷ᠎ᠠ ᠪᠤᠯᠤᠯᠭ᠎ᠠ ᠪᠠᠷ᠂ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠪᠠᠰᠠ ᠲᠣᠳᠣᠯᠣᠨ ᠪᠠᠶᠢᠴᠠᠭᠠᠭᠰᠠᠨ ᠬᠡᠷ ᠡᠷᠦᠭᠡ ᠪᠠ ᠲᠤᠭ᠎ᠠ | ᠪᠠᠷᠢᠮᠲᠠ ᠶᠢ ᠰᠢᠢᠳᠪᠦᠷᠢᠯᠡᠬᠦ ᠠᠵᠢᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠡᠢ᠃ | ᠤᠯᠠᠭᠠᠨᠬᠤᠲᠠ ᠶᠢᠨ ᠱᠧᠩ ᠯᠢ ᠬᠡᠷᠡᠭ ᠡᠷᠬᠢᠯᠡᠬᠦ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠲᠤ᠂ | ᠯᠢ ᠳᠠᠷᠤᠭ᠎ᠠ ᠡᠷᠦᠭᠡ ᠳᠤ ᠣᠴᠢᠵᠤ ᠲᠣᠳᠣᠯᠣᠨ ᠪᠠᠶᠢᠴᠠᠭᠠᠬᠤ ᠠᠵᠢᠯ ᠢ ᠬᠢᠵᠦ ᠪᠠᠶᠢᠭ᠎ᠠ ᠨᠡᠶᠢᠳᠡᠮ ᠤᠨ | ᠪᠠᠶᠢᠴᠠᠭᠠᠯᠲᠠ ᠶᠢᠨ ᠠᠵᠢᠯᠲᠠᠨ ᠳᠤ ᠴᠢᠩ ᠰᠡᠳᠬᠢᠯ ᠤᠨ ᠲᠣᠬᠤᠨᠢᠭᠤᠯᠤᠯ ᠬᠦᠷᠭᠡᠵᠦ ᠪᠠᠶᠢᠭ᠎ᠠ ᠰᠡᠳᠬᠢᠯᠭᠡ ᠪᠠᠨ | ᠢᠯᠡᠳᠬᠡᠭᠰᠡᠨ ᠪᠥᠭᠡᠳ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠤᠨ ᠲᠣᠳᠣᠯᠣᠨ ᠪᠠᠶᠢᠴᠠᠭᠠᠬᠤ ᠠᠵᠢᠯ ᠤᠨ | ᠳᠤᠮᠳᠠ ᠲᠤᠯᠭᠠᠷᠠᠭᠰᠠᠨ ᠪᠣᠳᠠᠲᠠᠶ ᠬᠦᠴᠢᠷ ᠪᠡᠷᠬᠡᠰᠢᠶᠡᠯ ᠪᠣᠯᠤᠨ ᠠᠰᠠᠭᠤᠳᠠᠯ ᠢ ᠬᠦᠯᠢᠴᠡᠩᠭᠦᠶ ᠪᠠᠷ ᠠᠰᠠᠭᠤᠵᠤ᠂ | ᠲᠡᠳᠡᠨ ᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠣᠳᠣᠯᠣᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠬᠦ | ᠬᠡᠷᠡᠭᠲᠡᠢ ᠭᠡᠵᠦ ᠵᠣᠷᠢᠭᠵᠢᠭᠤᠯᠵᠠᠢ᠃ ᠣᠳᠣᠬᠠᠨ ᠳᠤ᠂ ᠠᠶᠢᠮᠠᠭ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠨᠢᠭᠡᠨᠲᠡ 5 ᠬᠤᠰᠢᠭᠤ ᠰᠢᠶᠠᠨ ᠢ ᠰᠢᠮᠳᠠᠭᠤᠯᠤᠨ ᠪᠠᠶᠢᠴᠠᠭᠠᠵᠠᠢ᠃ |