ᠥᠪᠥᠷ ᠮᠣᠩᠭᠤᠯ ᠤᠨ ᠭᠤᠷᠪᠠᠳᠤᠭᠠᠷ ᠠᠵᠤ ᠦᠢᠯᠡᠰ ᠤᠨ ᠠᠵᠢᠯᠯᠠᠭᠠᠨ ᠲᠣᠭᠲᠠᠭᠤᠨ ᠪᠠᠶᠢᠵᠤ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ
ᠨᠡᠶᠢᠲᠡᠯᠡᠭᠰᠡᠨ ᠴᠠᠭ᠄
2018/10/26
     1. ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠲᠣᠭᠲᠠᠭᠤᠨ ᠪᠠᠶᠢᠨ᠎ᠠ᠃ ᠡᠨᠡ ᠵᠢᠯ ᠠᠴᠠ ᠨᠠᠭᠠᠰᠢ᠂ ᠪᠦᠬᠦ ᠣᠷᠣᠨ ᠲᠠᠷᠢᠮᠠᠯ ᠤᠨ ᠪᠦᠲᠦᠴᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠡᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠪᠦᠷᠢᠳᠬᠡᠯ ᠢ ᠦᠨᠳᠦᠰᠦᠯᠡᠪᠡᠯ᠂ ᠳᠠᠪᠠᠭᠤᠯᠢᠭ ᠪᠤᠰᠤ ᠣᠷᠣᠨ ᠤ ᠮᠦᠬᠦᠯᠢᠭᠲᠦ ᠡᠷᠳᠡᠨᠢ ᠰᠢᠰᠢ ᠶᠢ 56.1 ᠲᠦᠮᠡᠨ ᠮᠦ ᠪᠠᠭᠠᠰᠬᠠᠵᠤ᠂ ᠰᠢᠷ᠎ᠠ ᠪᠤᠷᠴᠠᠭ ᠤᠨ ᠲᠠᠷᠢᠮᠠᠯ ᠤᠨ ᠲᠠᠯᠠᠪᠠᠢ ᠶᠢ 1636 ᠲᠦᠮᠡ ᠪᠣᠯᠲᠠᠯ᠎ᠠ ᠰᠡᠷᠭᠦᠭᠡᠨ ᠨᠡᠮᠡᠭᠳᠡᠭᠦᠯᠵᠦ᠂ ᠠᠵᠤ ᠠᠬᠤᠢ ᠶᠢᠨ ᠲᠠᠷᠢᠮᠠᠯ ᠤᠨ ᠲᠠᠯᠠᠪᠠᠢ 2586.9 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2%᠎ ᠢᠶᠠᠷ ᠨᠡᠮᠡᠭᠳᠡᠪᠡ᠃ ᠭᠤᠣᠯ ᠪᠣᠯᠬᠤ ᠲᠠᠷᠢᠮᠠᠯ ᠤᠨ ᠪᠠᠷᠢᠮᠵᠢᠶᠠᠵᠢᠭᠰᠠᠨ ᠲᠠᠷᠢᠮᠠᠯ ᠤᠨ ᠲᠠᠯᠠᠪᠠᠢ ᠨᠢ 4731.4 ᠮᠦ ᠳᠤ ᠬᠦᠷᠪᠡ᠃ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠪᠤᠷᠢᠲᠠᠶ ᠪᠠᠶᠢᠵᠤ᠂ ᠭᠠᠭ᠋ᠠᠶ ᠦᠬᠡᠷ ᠬᠤᠨᠢ ᠶᠢᠨ ᠭᠠᠷᠭᠠᠯᠲᠠ ᠪᠣᠯᠣᠨ ᠮᠢᠬᠠᠨ ᠤ ᠭᠠᠷᠤᠯᠲᠠ ᠴᠥᠮ ᠨᠡᠮᠡᠭᠳᠡᠵᠡᠶ᠃ ᠡᠭᠦᠨ ᠳᠤ᠂ ᠪᠦᠬᠦ ᠣᠷᠣᠨ ᠤ ᠭᠠᠭ᠋ᠠᠢ ᠦᠬᠡᠷ ᠬᠤᠨᠢ ᠶᠢᠨ ᠭᠠᠷᠭᠠᠯᠲᠠ ᠨᠢ ᠨᠡᠶᠢᠲᠡ 5237.6 ᠲᠦᠮᠡᠨ ᠲᠣᠯᠣᠭᠠᠶ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 123.2 ᠲᠦᠮᠡᠨ ᠲᠣᠯᠣᠭᠠᠢ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 2.4%᠎ ᠪᠠᠷ ᠨᠡᠮᠡᠭᠳᠡᠪᠡ︔ ᠭᠠᠭ᠋ᠠᠶ ᠦᠬᠡᠷ ᠬᠤᠨᠢ ᠶᠢᠨ ᠮᠢᠬᠠᠨ ᠤ ᠭᠠᠷᠤᠯᠲᠠ ᠨᠢ 166.2 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.5 ᠲᠦᠮᠡᠨ ᠲᠣᠨ ᠨᠡᠮᠡᠭᠳᠡᠵᠦ᠂ 2.2%᠎ ᠢᠶᠠᠷ ᠨᠡᠮᠡᠭᠳᠡᠪᠡ᠃      2. ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠪᠤᠷᠢᠵᠢᠬᠤ ᠬᠠᠨᠳᠤᠰᠢ ᠰᠠᠶᠢᠨ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.0%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ ᠵᠢᠯ ᠤᠨ ᠬᠢ ᠠᠴᠠ ᠲᠤᠰ ᠲᠤᠰ 1.5 ᠪᠣᠯᠣᠨ 0.2 ᠵᠠᠭᠤᠨ ᠤ ᠴᠡᠭ ᠲᠦᠷᠭᠡᠰᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠴᠦ 3.4 ᠵᠠᠭᠤᠨ ᠤ ᠴᠡᠭ ᠲᠦᠷᠭᠡᠰᠪᠡ᠃ ᠪᠦᠷᠢᠳᠬᠡᠭᠰᠡᠨ 41 ᠠᠵᠢᠯ ᠦᠶᠯᠡᠰ ᠤᠨ ᠲᠣᠮᠣ ᠲᠥᠷᠥᠯ ᠳᠣᠲᠣᠷ᠎ᠠ᠂ 20 ᠠᠵᠢᠯ ᠲᠦᠷᠤᠯ ᠨᠢ ᠨᠡᠮᠡᠭᠳᠡᠯ ᠢᠶᠠᠨ ᠪᠠᠲᠤᠯᠠᠪᠠ᠃ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠳᠡᠭᠡᠳᠦ ᠰᠢᠨ᠎ᠡ ᠮᠡᠷᠭᠡᠵᠢᠯ ᠵᠡᠷᠭᠡ ᠲᠦᠷᠪᠡᠨ ᠲᠤᠯᠭᠠᠭᠤᠷᠢ ᠠᠵᠤ ᠦᠢᠯᠡᠰ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠪᠡ᠃ ᠡᠨᠧᠷᠭᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠪᠣᠯᠤᠨ ᠳᠡᠭᠡᠳᠦ ᠰᠢᠨ᠎ᠡ ᠮᠡᠷᠭᠡᠵᠢᠯ ᠤᠨ ᠦᠶᠯᠡᠰ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.0%᠂ 10.6%᠂ 5.6% ᠪᠠ 15.8%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠤ ᠦᠵᠡᠭᠦᠯᠦᠭᠰᠡᠨ ᠬᠤᠪᠢ ᠨᠡᠮᠡᠷᠢ ᠨᠢ ᠲᠤᠰ ᠲᠤᠰ 60.4%᠂ 25.2%᠂ 18.0% ᠪᠠ 5.5% ᠪᠣᠯᠵᠠᠢ᠃ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠲᠠᠯ᠎ᠠ ᠠᠴᠠ ᠠᠪᠴᠤ ᠦᠵᠡᠪᠡᠯ᠂ ᠰᠢᠨ᠎ᠡ ᠦᠢᠯᠡᠳᠬᠦᠨ ᠦᠳᠲᠡᠷ ᠲᠦᠷᠭᠡᠨ ᠨᠡᠮᠡᠭᠳᠡᠪᠡ᠃ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠠᠳᠠᠯᠢ ᠬᠤᠭᠤᠴᠠᠭᠠᠨ ᠤ ᠬᠢ ᠠᠴᠠ 26.6%᠎ ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 56.2%᠎ ᠪᠠᠷ ᠨᠡᠮᠡᠭᠳᠡᠨ᠂ ᠪᠠᠯ ᠴᠢᠯᠠᠭᠤ ᠪᠣᠯᠤᠨ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 27.0% ᠎ ᠪᠠᠷ ᠨᠡᠮᠡᠭᠳᠡᠵᠦ᠂ ᠮᠠᠰᠢᠨ ᠲᠡᠷᠭᠡ 25.6%᠎ ᠪᠠᠷ ᠨᠡᠮᠡᠭᠳᠡᠨ᠂ ᠳᠠᠩ ᠭᠠᠭᠴᠠ ᠬᠤᠪᠣᠷ ᠰᠢᠷᠣᠶ ᠶᠢᠨ ᠲᠡᠮᠦᠷᠯᠢᠭ 57.2%᠎ ᠪᠠᠷ ᠨᠡᠮᠡᠭᠳᠡᠵᠦ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 18.0%᠎ ᠪᠠᠷ ᠨᠡᠮᠡᠭᠳᠡᠪᠡ᠃ ᠦᠶᠯᠡᠳᠪᠦᠷᠢᠯᠡᠯ ᠪᠣᠷᠣᠯᠠᠭᠤᠯᠭ᠎ᠠ ᠶᠢᠨ ᠵᠣᠯᠭᠠᠭᠤᠯᠤᠯᠲᠠ ᠤᠯᠠᠮ ᠨᠢᠭᠡ ᠠᠯᠬᠤᠮ ᠰᠠᠶᠢᠵᠢᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ 99.4%᠎ ᠳᠤ ᠬᠦᠷᠴᠦ᠂ ᠳᠡᠭᠡᠷ᠎ᠡ ᠬᠠᠭᠠᠰ ᠵᠢᠯ ᠪᠣᠯᠣᠨ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠪᠦᠷᠢ 0.3 ᠪᠠ 1 ᠵᠠᠭᠤᠨ ᠤ ᠴᠡᠭ ᠳᠡᠭᠡᠭᠰᠢᠯᠡᠪᠡ᠃ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠤᠨ ᠬᠢᠷᠢ ᠲᠥᠪᠰᠢᠨ ᠦᠷᠭᠦᠯᠵᠢᠯᠡᠨ ᠳᠡᠭᠡᠭᠰᠢᠯᠡᠪᠡ᠃ ᠲᠦᠷᠦᠭᠦᠦ 8 ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 27.3%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ 11.1 ᠵᠠᠭᠤᠨ ᠤ ᠴᠡᠭ ᠲᠦᠷᠭᠡᠰᠪᠡ︔ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠤᠷᠮ᠎ᠠ 10.3% ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.9 ᠵᠠᠭᠤᠨ ᠤ ᠴᠡᠭ ᠳᠡᠭᠡᠭᠰᠢᠯᠡᠵᠦ᠂ ᠪᠠᠰᠠ ᠪᠦᠬᠦ ᠤᠯᠤᠰ ᠤᠨ ᠳᠤᠮᠳᠠᠴᠢ ᠲᠦᠪᠰᠢᠨ ᠠᠴᠠ 3.9 ᠵᠠᠭᠤᠨ ᠤ ᠴᠡᠭ ᠥᠨᠳᠥᠷ ᠪᠣᠯᠪᠠ᠃      3. ᠦᠢᠯᠡᠴᠢᠯᠡᠭᠡᠨ ᠤ ᠦᠢᠯᠡᠰ ᠤᠨ ᠳᠠᠶᠢᠴᠢᠯᠠᠬᠤ ᠦᠢᠯᠡᠳᠦᠯ ᠢᠯᠡᠳᠲᠡ ᠴᠢᠩᠭᠠᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠦᠬᠦ ᠣᠷᠣᠨ ᠤ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ ᠤᠨ ᠬᠤᠪᠢ ᠶᠢᠨ ᠵᠢᠩ 54.1%᠎ ᠳᠤ ᠬᠦᠷᠴᠦ᠂ GDP᠎ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ ᠲᠦᠷᠦᠭᠦᠤ ᠬᠠᠭᠠᠰ ᠵᠢᠯ ᠤᠨ ᠬᠢ 59.7%᠎ ᠠᠴᠠ ᠤᠯᠠᠮ ᠨᠢᠭᠡ ᠠᠯᠬᠤᠮ ᠳᠡᠭᠡᠭᠰᠢᠯᠡᠭᠡᠳ 63.2%᠎ ᠳᠤ ᠬᠦᠷᠴᠦ᠂ GDP᠎ ᠶᠢᠨ ᠨᠡᠮᠡᠭᠳᠡᠯ ᠢ 3.2 ᠵᠠᠭᠤᠨ ᠤ ᠴᠡᠭ ᠢᠶᠠᠷ ᠳᠠᠶᠢᠴᠢᠯᠠᠵᠦ᠂ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠴᠢ ᠬᠦᠴᠦᠨ ᠪᠣᠯᠪᠠ᠃      ᠲᠦᠷᠦᠭᠦᠦ 8 ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠡᠵᠡᠩᠨᠡᠯᠲᠡ ᠶᠢᠨ ᠣᠷᠣᠯᠭ᠎ᠠ ᠶᠢ 995.5 ᠳ᠋ᠥᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.1%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.3 ᠵᠠᠭᠤᠨ ᠤ ᠴᠡᠭ ᠲᠦᠷᠭᠡᠰᠪᠡ᠃ ᠡᠭᠦᠨ ᠳᠤ᠂ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠦᠶᠯᠡᠰ᠂ ᠢᠨᠲ᠋ᠧᠷ ᠰᠦᠯᠵᠢᠶ᠎ᠡ ᠪᠣᠯᠤᠨ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ᠂ ᠵᠥᠭᠡᠯᠡᠨ ᠲᠣᠨᠤᠭ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠵᠡᠷᠭᠡ ᠭᠤᠷᠪᠠᠨ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠲᠤᠰ ᠲᠤᠰ 8.5%᠂ 34.6%᠂ 14.3%᠎ ᠪᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠦᠷᠭᠡᠨ ᠢᠯᠡᠬᠡᠮᠵᠢ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠣᠯᠤᠨ ᠲᠦᠷᠭᠡᠨ ᠢᠯᠡᠬᠡᠮᠵᠢ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠲᠣᠰ ᠲᠣᠰ 29.9% ᠪᠣᠯᠣᠨ 39.5%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠲᠤ ᠪᠦᠷ ᠲᠡᠷᠢᠭᠦᠨ ᠳᠤ ᠲᠣᠳᠣᠷᠠᠪᠠ᠃      ᠠᠵᠤ ᠠᠬᠤᠶ ᠶᠢᠨ ᠬᠥᠭᠵᠢᠶᠡᠨᠲᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 14.5%᠎ ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.4 ᠵᠠᠭᠤᠨ ᠤ ᠴᠡᠭ ᠲᠦᠷᠭᠡᠰᠪᠡ᠃ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.9%᠎ ᠪᠠᠷ ᠨᠡᠮᠡᠭᠳᠡᠪᠡ᠂ ᠡᠭᠦᠨ ᠳᠤ ᠳᠡᠮᠤᠷ ᠵᠠᠮ ᠤᠨ ᠲᠡᠭᠡᠭᠡᠪᠦᠷᠢ ᠶᠢᠨ ᠬᠡᠮᠵᠢᠶ᠎ᠡ 9.7%᠎ ᠪᠠᠷ ᠨᠡᠮᠡᠭᠳᠡᠨ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.5%᠎ ᠪᠠᠷ ᠨᠡᠮᠡᠭᠳᠡᠪᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠨ ᠤ ᠵᠥᠭᠡᠭᠡᠪᠦᠷᠢ ᠶᠢᠨ ᠬᠡᠮᠵᠢᠶ᠎ᠡ ᠮᠢᠩᠭᠠᠨ ᠲᠦᠮᠡᠨ ᠬᠦᠮᠦᠨ ᠤᠳᠠᠭ᠎ᠠ ᠶᠢ ᠳᠠᠪᠠᠵᠤ᠂ 1027.2 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.5%᠎ ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号