ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠲᠦᠭᠰᠢᠭᠦᠷᠢ ᠶᠢ ᠠᠷᠭᠠᠴᠠᠬᠤ ᠴᠢᠳᠠᠪᠤᠷᠢ ᠶᠢ ᠨᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠲᠥᠯᠥᠪᠯᠡᠭᠡᠲᠦ ᠦᠷᠡᠵᠢᠯ ᠤᠨ | ᠨᠡᠶᠢᠭᠡᠮᠯᠢᠭ ᠨᠢ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠶᠢᠨ ᠤᠯᠠᠭᠠᠨᠴᠠᠪ ᠬᠤᠲᠠ ᠶᠢᠨ | ᠬᠤᠪᠢᠶᠠᠷᠢ ᠺᠣᠮᠫᠠᠨᠢ ᠯᠤᠭ᠎ᠠ ︽ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠳᠠᠭᠠᠳᠬᠠᠯ ᠤᠨ | ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ︾ ᠢ ᠳᠠᠬᠢᠨᠲᠠ ᠲᠣᠭᠲᠠᠭᠠᠬᠤ ᠶᠢᠨ | ᠬᠠᠮᠲᠤ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠨᠢ ᠨᠢᠭᠡᠳᠦᠯᠲᠡᠢ ᠲᠣᠭᠠᠴᠠᠭ᠎ᠠ | ᠬᠢᠵᠦ᠂ ᠪᠥᠬᠦ ᠬᠤᠲᠠ ᠶᠢᠨ ᠤᠯᠤᠰ ᠤᠨ ᠲᠥᠯᠥᠪᠯᠡᠭᠡᠲᠦ ᠦᠷᠡᠵᠢᠯ ᠤᠨ ᠣᠨᠴᠠᠭᠠᠶ ᠳᠡᠳᠭᠦᠮᠵᠢ ᠦᠵᠡᠭᠦᠯᠬᠦ | ᠳᠦᠷᠢᠮ ᠳᠤ ᠣᠷᠣᠭᠰᠠᠨ ᠣᠨᠴᠠᠭᠠᠢ ᠬᠡᠷ ᠪᠦᠯᠢ ᠶᠢᠨ 1085 ᠪᠦᠷᠢᠯᠳᠦᠭᠦᠨ ᠳᠤ ᠶᠡᠷᠦᠩᠬᠡᠶᠢᠯᠡᠭᠰᠡᠨ ᠳᠠᠭᠠᠳᠬᠠᠯ ᠢ | ᠭᠦᠢᠴᠡᠳᠬᠡᠵᠦ ᠥᠭᠪᠡ᠃ ᠥᠩᠭᠡᠷᠡᠭᠰᠡᠨ ᠤ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠳᠠᠭᠠᠳᠬᠠᠯ | ᠯᠤᠭ᠎ᠠ ᠠᠳᠠᠯᠢ ᠦᠭᠡᠢ ᠲᠠᠯ᠎ᠠ ᠨᠢ ᠭᠡᠪᠡᠯ᠂ ᠰᠠᠨᠠᠭᠠᠨ ᠳᠤ ᠥᠭᠡᠢ ᠠᠳᠡᠯ ᠠᠴᠠ ᠪᠣᠯᠵᠤ ᠨᠠᠰᠤ ᠪᠠᠷᠠᠭᠰᠠᠨ᠂ ᠵᠡᠮᠳᠡᠭ | ᠪᠣᠯᠣᠭᠰᠠᠨ ᠳᠠᠭᠠᠳᠬᠠᠭᠳᠠᠭᠴᠢ ᠳᠤ ᠲᠥᠯᠥᠪᠦᠷᠢ ᠮᠥᠩᠭᠦ ᠥᠭᠬᠦ ᠠᠴᠠ ᠭᠠᠳᠠᠨ᠎ᠠ᠂ ᠪᠠᠰᠠ ᠭᠡᠨᠡᠳᠲᠡ ᠶᠢᠨ | ᠰᠢᠷᠬᠠᠲᠤᠯ ᠤᠨ ᠡᠮᠴᠢᠯᠡᠭᠡ ᠪᠣᠯᠣᠨ ᠡᠪᠡᠳᠴᠢᠨ ᠢᠶᠠᠷ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠵᠠᠷᠤᠳᠠᠯ ᠠᠴᠠ | ᠦᠨᠳᠦᠰᠦᠨ ᠡᠮ ᠡᠮᠨᠡᠯᠭᠡ᠂ ᠬᠦᠨᠳᠦ ᠡᠪᠡᠳᠴᠢᠨ ᠢ ᠡᠮᠴᠢᠯᠡᠭᠡ ᠵᠡᠷᠭᠡ ᠶᠢᠨ ᠨᠥᠬᠦᠪᠥᠷᠢ ᠶᠢ ᠨᠢ ᠰᠠᠭᠤᠯᠭᠠᠨ ᠠᠪᠬᠤ | ᠵᠢᠴᠢ ᠲᠥᠯᠥᠪᠦᠷᠢ ᠠᠴᠠ ᠬᠡᠯᠲᠦᠷᠢᠭᠦᠯᠦᠭᠰᠡᠨ ᠤ ᠳᠠᠷᠠᠭ᠎ᠠ᠂ ᠪᠣᠯᠵᠣᠨ ᠲᠣᠭᠲᠠᠭᠰᠠᠨ ᠲᠥᠯᠥᠪᠦᠷᠢ ᠮᠥᠩᠭᠦ ᠥᠭᠬᠦ | ᠬᠠᠷᠢᠴᠠᠯ ᠶᠣᠰᠣᠭᠠᠷ ᠳᠠᠭᠠᠳᠬᠠᠯ ᠤᠨ ᠮᠥᠩᠭᠦ ᠶᠢ ᠨᠢ ᠲᠥᠯᠥᠵᠦ ᠥᠭᠴᠦ᠂ ᠡᠪᠡᠳᠴᠢᠨ ᠢᠶᠠᠷ ᠡᠮᠨᠡᠯᠭᠡ ᠳᠤ ᠰᠠᠭᠤᠬᠤ | ᠡᠮ ᠡᠮᠨᠡᠯᠭᠡ ᠶᠢᠨ ᠬᠠᠮᠤᠭ ᠤᠨ ᠥᠨᠳᠥᠷ ᠲᠥᠯᠥᠪᠦᠷᠢ ᠶᠢᠨ ᠬᠢᠵᠠᠭᠠᠷ ᠢ ᠨᠢ 3 ᠲᠦᠮᠡᠨ ᠲᠥᠭᠦᠷᠢᠭ ᠪᠣᠯᠭᠠᠵᠠᠢ᠃ | ᠡᠨᠡ ᠬᠦ ᠳᠡᠳᠬᠦᠮᠵᠢ ᠦᠵᠡᠭᠦᠯᠬᠦ ᠠᠷᠭ᠎ᠠ ᠬᠡᠮᠵᠢᠶ᠎ᠡ ᠪᠠᠷ ᠳᠠᠮᠵᠢᠨ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ | ᠪᠦᠯᠢ ᠶᠢᠨ ᠬᠢᠨ ᠤ ᠡᠪᠡᠳᠴᠢᠨ ᠡᠮᠭᠡᠭ ᠠᠴᠠ ᠪᠣᠯᠵᠣ ᠡᠮᠨᠡᠯᠭᠡ ᠳᠤ ᠰᠠᠭᠤᠬᠤ ᠠᠵᠤ ᠠᠬᠤᠶ ᠶᠢᠨ ᠳᠠᠷᠤᠭᠠᠰᠤ ᠶᠢ ᠨᠢ | ᠪᠦᠲᠦᠮᠵᠢᠲᠡᠢ ᠬᠥᠩᠭᠡᠯᠡᠵᠦ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠳᠤ ᠪᠦᠬᠦ ᠲᠠᠯ᠎ᠠ ᠶᠢᠨ ᠪᠠᠲᠤᠯᠠᠭ᠎ᠠ | ᠬᠠᠩᠭᠠᠭᠠᠳ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠦᠵᠡᠭᠦᠯᠦᠭᠰᠡᠨ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠭᠤᠯᠪᠠ᠃ |