ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠶᠢᠨ ᠬᠢᠯᠢ ᠪᠠᠷ ᠣᠷᠣᠵᠤ ᠭᠠᠷᠬᠤ ᠶᠢ ᠭᠦᠢᠴᠡᠳᠬᠡᠬᠦ ᠴᠣᠩᠬᠤᠪᠴᠢ ᠳᠤ ᠰᠢᠶᠠᠩᠭᠠᠩ ᠣᠣᠮᠧᠨ ᠲᠠᠶᠢᠸᠠᠨ ᠤ ᠭᠠᠷᠲᠠᠮ ᠢ ᠠᠦ᠋ᠲ ᠰᠢᠢᠳᠪᠦᠷᠢᠯᠡᠬᠦ ᠲᠥᠬᠦᠭᠡᠷᠦᠮᠵᠢ ᠎ ᠶᠢ ᠪᠥᠬᠦ ᠲᠠᠯ᠎ᠠ ᠪᠠᠷ ᠬᠡᠷᠡᠭᠯᠡᠵᠡᠢ
ᠨᠡᠶᠢᠲᠡᠯᠡᠭᠰᠡᠨ ᠴᠠᠭ᠄
2018/10/26
      ᠦᠢᠷ᠎ᠠ ᠶᠢᠨ ᠡᠳᠦᠷ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠶᠢᠨ ᠬᠢᠯᠢ ᠪᠠᠷ ᠣᠷᠣᠵᠤ ᠭᠠᠷᠬᠤ ᠶᠢ ᠭᠦᠢᠴᠡᠳᠬᠡᠬᠦ 8 ᠴᠣᠩᠬᠤᠪᠴᠢ ᠳᠤ ᠰᠢᠶᠠᠩᠭᠠᠩ ᠣᠣᠮᠧᠨ ᠲᠠᠶᠢᠸᠠᠨ ᠳᠤ ᠵᠢᠭᠤᠯᠴᠢᠯᠠᠬᠤ ᠪᠦᠯᠬᠦᠮ ᠎ ᠤᠨ ᠳᠠᠬᠢᠨ ᠭᠠᠷᠲᠠᠮ ᠭᠦᠢᠴᠡᠳᠬᠡᠬᠦ‍ ᠨᠢᠭᠡ ᠴᠣᠭᠴᠠᠯᠠᠭᠰᠠᠨ ᠮᠠᠰᠢᠨ ᠢ ᠪᠦᠬᠦ ᠲᠠᠯ᠎ᠠ ᠪᠠᠷ ᠬᠡᠷᠡᠭᠯᠡᠵᠡᠢ᠂ ᠠᠷᠠᠳ ᠤᠯᠠᠨ ᠪᠦᠬᠦ ᠬᠤᠲᠠ ᠶᠢᠨ ᠳᠣᠲᠣᠷᠠᠬᠢ ᠠᠯᠢ ᠨᠢᠭᠡᠨ ᠬᠢᠯᠢ ᠪᠠᠷ ᠭᠠᠷᠴᠤ ᠣᠷᠣᠬᠤ ᠶᠢ ᠭᠥᠯᠢᠶᠡᠨ ᠠᠪᠬᠤ ᠴᠣᠩᠬᠤᠪᠴᠢ ᠳᠤ ᠳᠠᠬᠢᠨ ᠴᠤᠬᠤᠯᠠᠪᠤᠷᠢᠯᠠᠬᠤ ᠶᠢ ᠠᠦ᠋ᠲ ᠪᠠᠷ ᠭᠦᠢᠴᠡᠳᠬᠡᠵᠦ ᠪᠣᠯᠬᠤ ᠪᠣᠯᠵᠤ᠂ ᠰᠢᠶᠠᠩᠭᠠᠩ ᠣᠣᠮᠧᠨ ᠲᠠᠶᠢᠸᠠᠨ ᠳᠤ ᠪᠦᠯᠬᠦᠮ ᠢᠶᠠᠷ ᠵᠢᠭᠤᠯᠴᠢᠯᠠᠬᠤ ᠳᠤ ᠮᠠᠰᠢ ᠳᠥᠭᠦᠮ ᠪᠣᠯᠭᠠᠵᠠᠢ᠃       2018 ᠣᠨ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠶᠢᠨ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠳᠣᠲᠣᠭᠠᠳᠤ ᠶᠢ ᠬᠠᠮᠠᠭᠠᠯᠠᠬᠤ ᠶᠠᠮᠤᠨ ᠤᠯᠤᠰ ᠤᠨ ᠨᠡᠭᠦᠳᠡᠯ ᠢᠷᠭᠡᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠷᠠᠳ ᠲᠤ ᠲᠥᠬᠦᠮ ᠦᠵᠡᠭᠦᠯᠬᠦ ᠡᠯ᠎ᠡ ᠵᠦᠢᠯ ᠤᠨ ᠠᠷᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠲᠠᠭᠠᠰᠢᠶᠠᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠯᠢ ᠪᠠᠷ ᠭᠠᠷᠴᠤ ᠣᠷᠣᠬᠤ ᠶᠢ ᠭᠥᠯᠢᠶᠡᠨ ᠠᠪᠬᠤ 8 ᠴᠣᠩᠬᠤᠪᠴᠢ ᠳᠤ ᠰᠦᠢᠳᠬᠡᠯ ᠬᠤᠶᠢᠶᠠᠬᠤ ᠦᠭᠡᠢ ᠪᠠᠷ ᠰᠡᠭᠦᠳᠡᠷ ᠴᠤᠭᠯᠠᠭᠤᠯᠬᠤ ᠠᠦ᠋ᠲ ᠲᠥᠬᠦᠭᠡᠷᠦᠮᠵᠢ ᠪᠤᠶᠤ ᠤᠷᠢᠳᠴᠢᠯᠠᠨ ᠭᠦᠢᠴᠡᠳᠬᠡᠵᠦ ᠥᠭᠬᠦ‍ ᠨᠢᠭᠡ ᠴᠤᠭᠴᠠᠯᠠᠭᠰᠠᠨ ᠠᠦ᠋ᠲ ᠮᠠᠰᠢᠨ ᠢ ᠪᠥᠬᠦ ᠲᠠᠯ᠎ᠠ ᠪᠠᠷ ᠬᠡᠷᠡᠭᠯᠡᠵᠡᠢ᠃ ᠳᠣᠲᠣᠭᠠᠳᠤ ᠶᠢ ᠬᠠᠮᠠᠭᠠᠯᠠᠬᠤ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠤᠶᠤᠨᠴᠢᠯᠠᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠳᠣᠰᠠᠳᠠ᠂ ᠲᠢᠩᠬᠢᠮ ᠲᠣᠪᠴᠢᠶ᠎ᠠ ᠶᠢᠨ ᠬᠠᠪᠰᠤᠷᠤᠯᠭ᠎ᠠ ᠵᠢᠯᠤᠭᠤᠳᠤᠯᠭ᠎ᠠ ᠳᠣᠣᠷ᠎ᠠ᠂ ᠤᠯᠠᠨ ᠤᠳᠠᠭ᠎ᠠ ᠶᠢᠨ ᠰᠢᠯᠭᠠᠯᠲᠠ ᠲᠣᠬᠢᠷᠠᠭᠤᠯᠤᠯᠲᠠ ᠪᠠᠷ ᠳᠠᠮᠵᠢᠭᠤᠯᠤᠨ᠂ ᠡᠯ᠎ᠡ ᠬᠢᠯᠢ ᠪᠠᠷ ᠣᠷᠣᠵᠤ ᠭᠠᠷᠬᠤ ᠶᠢ ᠭᠥᠯᠢᠶᠡᠨ ᠠᠪᠬᠤ ᠴᠣᠩᠬᠤᠪᠴᠢ ᠳᠤ ᠠᠦ᠋ᠲ ᠪᠠᠷ ᠭᠦᠢᠴᠡᠳᠬᠡᠬᠦ ᠲᠥᠬᠦᠭᠡᠷᠦᠮᠵᠢ ᠶᠢᠨ ᠰᠢᠰᠲ᠋ᠧᠮ ᠢ ᠲᠠᠰ ᠳᠡᠪᠰᠢᠭᠦᠯᠬᠦ ᠠᠵᠢᠯ ᠢ ᠪᠡᠶᠡᠯᠡᠭᠦᠯᠵᠦ᠂ ᠦᠢᠷ᠎ᠠ ᠳᠤ᠂ ᠪᠦᠬᠦ ᠬᠤᠲᠠ ᠶᠢᠨ ᠬᠢᠯᠢ ᠪᠠᠷ ᠭᠠᠷᠴᠤ ᠣᠷᠣᠬᠤ ᠶᠢ ᠭᠥᠯᠢᠶᠡᠨ ᠠᠪᠬᠤ 8 ᠴᠣᠩᠬᠤᠪᠴᠢ ᠳᠤ ᠰᠢᠶᠠᠩᠭᠠᠩ ᠣᠣᠮᠧᠨ ᠲᠠᠶᠢᠸᠠᠨ ᠳᠤ ᠪᠦᠯᠬᠦᠮ ᠢᠶᠠᠷ ᠵᠢᠭᠤᠯᠴᠢᠯᠠᠬᠤ ᠳᠠᠬᠢᠨ ᠴᠤᠬᠤᠯᠠᠪᠤᠷᠢᠯᠠᠭᠤᠯᠬᠤ ᠎ ᠶᠢ ᠠᠦ᠋ᠲ ᠪᠠᠷ ᠭᠦᠢᠴᠡᠳᠬᠡᠬᠦ ᠶᠢ ᠪᠡᠶᠡᠯᠡᠭᠦᠯᠵᠡᠢ᠃       ᠡᠭᠦᠨ ᠠᠴᠠ ᠭᠠᠳᠠᠨ᠎ᠠ᠂ ᠤᠯᠠᠨ ᠲᠦᠮᠡᠨ ᠥᠪᠡᠷ ᠤᠨ ᠴᠠᠭ ᠤᠨ ᠲᠣᠬᠢᠷᠠᠭᠤᠯᠤᠯᠲᠠ ᠲᠠᠢ ᠪᠠᠨ ᠤᠶᠠᠯᠳᠤᠭᠤᠯᠵᠤ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠭᠠᠷᠴᠤ ᠣᠷᠣᠬᠤ ᠶᠢ ᠭᠥᠯᠢᠶᠡᠨ ᠠᠪᠬᠤ ᠲᠢᠩᠬᠢᠮ ᠤᠨ 24 ᠴᠠᠭ ᠤᠨ ᠠᠦ᠋ᠲ ᠦᠢᠯᠡᠴᠢᠯᠡᠬᠦ ᠲᠣᠭᠤᠷᠢᠭ ᠲᠤ ᠬᠦᠷᠴᠦ ᠰᠢᠶᠠᠩᠭᠠᠩ ᠣᠣᠮᠧᠨ ᠲᠠᠶᠢᠸᠠᠨ ᠳᠤ ᠪᠦᠯᠬᠦᠮ ᠢᠶᠠᠷ ᠵᠢᠭᠤᠯᠴᠢᠯᠠᠬᠤ ᠳᠤ ᠳᠠᠬᠢᠨ ᠴᠤᠬᠤᠯᠠᠪᠤᠷᠢᠯᠠᠭᠤᠯᠬᠤ ᠶᠢ ᠠᠦ᠋ᠲ ᠎ ᠪᠠᠷ ᠭᠦᠢᠴᠡᠳᠬᠡᠵᠦ ᠪᠣᠯᠣᠨ᠎ᠠ᠃ ᠡᠭᠦᠨ ᠤ ᠬᠠᠮᠲᠤ᠂ ᠪᠠᠶᠠᠨᠨᠠᠭᠤᠷ ᠬᠤᠲᠠ ᠶᠢᠨ ᠰᠠᠭᠤᠭᠠᠯᠢ ᠠᠷᠠᠳ ᠪᠥᠬᠦ ᠤᠯᠤᠰ ᠤᠨ ᠬᠢᠯᠢ ᠶᠢᠨ ᠳᠣᠲᠣᠷᠠᠬᠢ ᠠᠯᠢ ᠨᠢᠭᠡᠨ ᠬᠤᠳᠠ ᠳᠤ EMS᠎ ᠢᠶᠠᠷ ᠳᠠᠮᠵᠢᠭᠤᠯᠤᠨ ᠰᠢᠶᠠᠩᠭᠠᠩ ᠣᠣᠮᠧᠨ ᠲᠠᠶᠢᠸᠠᠨ ᠳᠤ ᠵᠢᠭᠤᠯᠴᠢᠯᠠᠬᠤ ᠳᠠᠬᠢᠨ ᠴᠤᠬᠤᠯᠠᠪᠤᠷᠢ ᠪᠠᠨ ᠭᠦᠢᠴᠡᠳᠬᠡᠵᠦ ᠪᠣᠯᠬᠤ ᠶᠢ ᠦᠨᠡᠨ ᠬᠦ ᠪᠡᠶᠡᠯᠡᠭᠦᠯᠵᠦ᠂ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠢ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠦᠨᠡᠨ ᠬᠦ ᠪᠡᠶᠡᠯᠡᠭᠦᠯᠵᠡᠢ᠃       ᠲᠡᠷᠠᠭ᠎ᠠ ᠠᠯᠬᠤᠮ ᠳᠤ᠂ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠨ᠎ᠡ ᠣᠨᠣᠯᠵᠢᠬᠤᠨ ᠂ ᠰᠢᠨ᠎ᠡ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠪᠠᠷ ᠠᠷᠠᠳ ᠣᠯᠠᠨ ᠳᠤ ᠲᠤᠰᠠ ᠲᠥᠬᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠶ ᠬᠠᠶᠢᠨ ᠰᠦᠪᠡᠭᠴᠢᠯᠡᠵᠦ᠂ ᠬᠢᠯᠢ ᠪᠠᠷ ᠣᠷᠣᠵᠤ ᠭᠠᠷᠬᠤ ᠣᠶᠣᠨᠴᠢᠯᠠᠭᠰᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号