ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠲᠠᠯ᠎ᠠ ᠪᠠᠷ | ᠡᠬᠢᠯᠡᠭᠦᠯᠦᠭᠰᠡᠨ ᠠᠴᠠ ᠨᠠᠭᠠᠰᠢ᠂ ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠨᠢ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠠᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠲᠦᠢᠯ ᠤᠨ | ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ | ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠤᠯᠡᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠪᠠᠯᠠ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠶ | ᠶᠠᠪᠤᠭᠳᠠᠬᠤ ᠳᠤ ᠬᠦᠴᠦᠲᠡᠶ ᠪᠡᠯᠡ ᠮᠥᠩᠭᠦᠨ ᠤ ᠳᠡᠮᠵᠢᠯᠭᠡ ᠦᠵᠡᠭᠦᠯᠵᠡᠢ᠃ | 2018 ᠣᠨ ᠳᠤ ᠪᠦᠬᠦ ᠬᠤᠲᠠ ᠶᠢᠨ ᠲᠥᠰᠦᠪ ᠲᠤ ᠲᠣᠬᠢᠷᠠᠭᠤᠯᠤᠭᠰᠠᠨ ᠶᠠᠳᠠᠭᠤ ᠶᠢ ᠲᠡᠳᠬᠦᠬᠦ ᠪᠡᠯᠡ | ᠮᠥᠩᠭᠦ 3.68 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ ᠬᠤᠲᠠ ᠶᠢᠨ ᠲᠣᠰ ᠱᠠᠲᠤᠨ ᠤ ᠶᠠᠳᠠᠭᠤ ᠶᠢ | ᠲᠡᠳᠬᠦᠬᠦ ᠪᠡᠯᠡ ᠮᠦᠩᠭᠦ ᠶᠢ 2.15 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠬᠢ ᠠᠴᠠ | 24.62% ᠨᠡᠮᠡᠭᠳᠡᠭᠦᠯᠵᠡᠢ᠃ ᠡᠯ᠎ᠡ ᠬᠤᠰᠢᠭᠤ ᠬᠤᠲᠠ ᠶᠢᠨ ᠲᠦᠰᠦᠪ ᠲᠤ ᠶᠠᠳᠠᠭᠤ ᠶᠢ ᠲᠡᠳᠬᠦᠬᠦ ᠪᠡᠯᠡ | ᠮᠥᠩᠭᠦ ᠶᠢ1.88 ᠳ᠋ᠦᠩᠰᠢᠭᠤᠷ ᠲᠥᠭᠦᠷᠢᠭ ᠲᠤᠬᠢᠷᠠᠭᠤᠯᠵᠤ᠂ ᠳᠡᠭᠡᠷ᠎ᠡ ᠵᠢᠯ ᠤᠨ ᠬᠢ ᠠᠴᠠ 33.3% | ᠨᠡᠮᠡᠭᠳᠡᠭᠦᠯᠵᠡᠢ᠃ 9 ᠳ᠋ᠦ᠋ᠭᠡᠷ ᠰᠠᠷ᠎ᠠ ᠶᠢᠨ ᠡᠴᠦᠰ ᠪᠤᠯᠬᠤ ᠳᠤ᠂ ᠪᠥᠬᠦ ᠬᠤᠲᠠ ᠶᠠᠳᠠᠭᠤ ᠶᠢ ᠲᠡᠳᠬᠦᠬᠦ ᠪᠡᠯᠡ | ᠮᠥᠩᠭᠦ ᠶᠢ ᠨᠡᠶᠢᠲᠡ 9.13 ᠳ᠋ᠦᠩᠰᠢᠭᠤᠷ ᠲᠥᠭᠦᠷᠢᠭ ᠤᠷᠤᠭᠤᠯᠵᠠᠢ᠂ ᠡᠭᠦᠨ ᠳᠤ᠄ ᠳᠡᠭᠡᠳᠦ ᠱᠠᠲᠤᠨ ᠠᠴᠠ | 5.39 ᠳ᠋ᠦᠩᠰᠢᠭᠤᠷ ᠲᠥᠭᠦᠷᠢᠭ ᠤᠷᠤᠭᠤᠯᠵᠤ᠂ ᠬᠤᠲᠠ ᠶᠢᠨ ᠲᠣᠰ ᠱᠠᠲᠤᠨ ᠠᠴᠠ 2.15 ᠳ᠋ᠦᠩᠰᠢᠭᠤᠷ | ᠲᠥᠭᠦᠷᠢᠭ ᠤᠷᠤᠭᠤᠯᠵᠤ᠂ ᠬᠤᠰᠢᠭᠤ ᠬᠤᠳᠠ ᠲᠤᠭᠤᠷᠢᠭ ᠠᠴᠠ 1.59 ᠳ᠋ᠦᠩᠰᠢᠭᠤᠷ ᠲᠥᠭᠦᠷᠢᠭ ᠤᠷᠤᠭᠤᠯᠵᠠᠢ᠃ | 2018 ᠣᠨ ᠳᠤ ᠪᠦᠬᠦ ᠬᠤᠲᠠ ᠶᠢᠨ ᠵᠢᠷᠭᠤᠭᠠᠨ ᠶᠠᠳᠠᠭᠤ ᠬᠦᠴᠢᠷᠳᠡᠯᠲᠡᠶ ᠰᠢᠶᠠᠨ ᠳᠤ ᠲᠠᠷᠢᠶᠠᠯᠠᠩ ᠮᠠᠯ ᠠᠵᠤ | ᠠᠬᠤᠶ ᠳᠤ ᠬᠤᠯᠪᠣᠭᠳᠠᠬᠤ ᠡᠯ᠎ᠡ ᠲᠥᠷᠥᠯ ᠤᠨ ᠪᠠᠯᠠ ᠮᠥᠩᠭᠦ ᠶᠢ 6.57 ᠳ᠋ᠦᠩᠰᠢᠭᠤᠷ ᠲᠥᠭᠦᠷᠢᠭ ᠡᠮᠬᠢᠯᠡᠨ | ᠨᠡᠶᠢᠯᠡᠭᠦᠯᠬᠦ ᠪᠠᠷ ᠲᠦᠯᠦᠪᠯᠡᠵᠡᠢ᠂ ᠡᠭᠦᠨ ᠳᠤ᠄ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠰᠢᠶᠠᠨ ᠳᠤ | ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ 3.53 ᠳ᠋ᠦᠩᠰᠢᠭᠤᠷ ᠲᠥᠭᠦᠷᠢᠭ ᠡᠮᠬᠢᠯᠡᠨ | ᠨᠡᠶᠢᠯᠡᠭᠦᠯᠵᠦ᠂ ᠣᠷᠣᠨ ᠤ ᠲᠠᠰ ᠤᠨ ᠶᠠᠳᠠᠭᠤ ᠬᠦᠴᠢᠷᠳᠡᠯᠲᠡᠶ ᠰᠢᠶᠠᠨ ᠳᠤ ᠲᠠᠷᠢᠶᠠᠯᠠᠩ ᠮᠠᠯ ᠠᠵᠤ ᠠᠬᠤᠶ ᠳᠤ | ᠬᠤᠯᠪᠣᠭᠳᠠᠬᠤ ᠪᠠᠯᠠ ᠮᠥᠩᠭᠦ ᠶᠢ 3.04 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠡᠢ᠃ 9 ᠳ᠋ᠦ᠋ᠭᠡᠷ | ᠰᠠᠷ᠎ᠠ ᠶᠢᠨ ᠡᠴᠦᠰ ᠪᠤᠯᠬᠤ ᠳᠤ᠂ ᠨᠢᠭᠡᠨᠲᠡ ᠡᠮᠬᠢᠯᠡᠨ ᠨᠡᠶᠢᠯᠡᠭᠦᠯᠦᠭᠰᠡᠨ ᠪᠡᠯᠡ ᠮᠥᠩᠭᠦ 5.8 ᠳ᠋ᠦᠩᠰᠢᠭᠤᠷ | ᠲᠦᠬᠦᠷᠢᠭ ᠲᠤ ᠬᠦᠷᠴᠦ᠂ ᠵᠠᠷᠤᠴᠠᠭᠤᠯᠬᠤ ᠪᠠᠯᠠ ᠮᠦᠩᠭᠦ 4.31 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ | ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠪᠡᠯᠡ ᠮᠥᠩᠭᠦ ᠪᠠᠨ ᠭᠤᠣᠯᠳᠠᠭᠤ ᠲᠠᠷᠢᠶᠠᠯᠠᠩ ᠦᠢᠯᠡᠳᠪᠦᠷᠢᠯᠡᠯ ᠤᠨ | ᠬᠥᠭᠵᠢᠯᠲᠡ ᠪᠠ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠳᠤ | ᠤᠷᠤᠭᠤᠯᠵᠠᠢ᠃ |