| | ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ 2018 ᠤᠨ ᠤ 10 ᠳ᠋ᠤᠭᠠᠷ | ᠰᠠᠷ᠎ᠠ ᠶᠢᠨ 26 ᠠᠴᠠ 27 ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠪᠠ᠃ | ᠡᠨᠡ ᠤᠳᠠᠭ᠎ᠠ ᠶᠢᠨ ᠬᠤᠷᠠᠯ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠡᠰᠢᠭᠦᠨ 70 | ᠬᠦᠮᠦᠨ᠂ ᠤᠷᠤᠯᠠᠬᠴᠢ ᠬᠡᠰᠢᠭᠦᠨ 11 ᠬᠦᠮᠦᠨ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ | ᠤᠳᠤᠷᠢᠳᠬᠤ ᠨᠦᠬᠦᠳ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠡᠰᠢᠭᠦᠨ ᠪᠠ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦᠳᠡ ᠬᠤᠷᠠᠯ ᠢ ᠡᠷᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠶᠠᠷᠢᠶ᠎ᠠ ᠲᠠᠯᠪᠢᠵᠠᠢ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠬᠠᠢ | ᠴᠢᠬᠤᠯᠠ ᠦᠭᠦᠯᠡᠯᠳᠡ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ ᠶᠢᠨ ᠤᠷᠤᠨ ᠨᠤᠳᠤᠭ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠬᠠᠢ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ︾ ᠪᠠ ᠨᠠᠮ ᠤᠨ ᠲᠦᠪ ᠬᠤᠷᠢᠶ᠎ᠠ ᠳᠤ ᠮᠡᠳᠡᠭᠦᠯᠵᠦ | ᠲᠠᠩᠰᠠᠯᠠᠭᠤᠯᠤᠬᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠶᠢᠮᠠᠭ ᠬᠤᠳᠠ᠂ ᠬᠤᠰᠢᠭᠤ | ᠰᠢᠶᠠᠨ ︵ᠬᠤᠳᠠ᠂ ᠲᠤᠭᠤᠷᠢᠭ︶ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠬᠠᠢ ᠶᠡᠷᠦᠩᠬᠡᠢ ᠰᠠᠨᠠᠯ︾ ᠢ | ᠤᠯᠠᠮᠵᠢᠯᠠᠨ ᠰᠤᠷᠤᠯᠴᠠᠵᠤ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠬᠡᠷᠡᠭᠵᠢᠭᠦᠯᠭᠦ ᠰᠠᠨᠠᠯ︾ ᠢ ᠪᠠᠳᠤᠯᠠᠵᠤ᠂ ᠪᠦᠬᠦ ᠤᠷᠤᠨ ᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ︽ᠬᠡᠷᠡᠭᠵᠢᠭᠦᠯᠭᠦ | ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠢ ᠪᠦᠬᠦᠳᠡ ᠬᠤᠷᠠᠯ ᠳᠤ ᠲᠤᠳᠤᠷᠬᠠᠶᠢᠯᠠᠯᠲᠠ ᠬᠢᠵᠤ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ | ᠲᠠᠷᠤᠭ᠎ᠠ ᠽᠧᠩ ᠢ ᠴᠦᠨ ︽ᠶᠡᠷᠦᠩᠬᠡᠢ ᠰᠠᠨᠠᠯ︾ ᠤᠨ ᠲᠤᠬᠠᠢ ᠪᠦᠬᠦᠳᠡ ᠬᠤᠷᠠᠯ ᠳᠤ ᠲᠤᠳᠤᠷᠬᠠᠶᠢᠯᠠᠯᠲᠠ | ᠬᠢᠵᠠᠢ᠃ | ᠪᠦᠬᠦᠳᠡ ᠬᠤᠷᠠᠯ ᠠᠴᠠ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ︽ᠬᠤᠤᠰ ᠵᠠᠭᠤᠨ ᠵᠢᠯ︾ ᠤᠨ ᠲᠡᠮᠡᠴᠡᠭᠦ ᠬᠠᠷᠠᠯᠳᠠ ᠶᠢᠨ | ᠠᠭᠤᠯᠵᠠᠷ ᠬᠤᠭᠤᠴᠠᠭ᠎ᠠ ᠳᠤ ᠤᠷᠤᠬᠰᠠᠨ ᠪᠠ ᠦᠭᠡᠷᠡᠴᠢᠯᠡᠯᠳᠡ ᠨᠡᠭᠡᠭᠡᠯᠳᠡ ᠶᠢᠨ 40 ᠵᠢᠯ ᠤᠨ ᠤᠢ ᠪᠤᠯᠤᠬᠰᠠᠨ | ᠵᠠᠩᠬᠢᠯᠠᠭ᠎ᠠ ᠶᠢᠨ ᠬᠤᠭᠤᠴᠠᠭᠠᠨ ᠳᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ | ᠲᠠᠯ᠎ᠠ ᠶᠢᠨ ᠦᠨᠳᠦᠷᠴᠡ ᠠᠴᠠ ᠬᠢᠭᠰᠡᠨ ᠴᠢᠬᠤᠯᠠ ᠶᠡᠭᠡ ᠤᠯᠤᠰ ᠲᠦᠷᠦ ᠶᠢᠨ ᠰᠢᠢᠳᠪᠦᠷᠢᠳᠤ ᠪᠤᠳᠤᠯᠭ᠎ᠠ ᠪᠤᠯᠬᠤ | ᠪᠦᠭᠡᠳ ᠨᠠᠮ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠡᠯᠳᠡ ᠶᠢ ᠠᠬᠢᠭᠤᠯᠬᠤ ᠬᠦᠨᠵᠡᠭᠡᠢ ᠬᠤᠪᠢᠰᠤᠯᠳᠠ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ | ᠦᠭᠦᠯᠡᠯᠳᠡ ᠨᠢ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠴᠢᠬᠤᠯᠠ | ᠶᠡᠭᠡ ᠠᠴᠢ ᠬᠤᠯᠪᠤᠬᠳᠠᠯ᠂ ᠵᠢᠯᠤᠭᠤᠳᠬᠤ ᠦᠵᠡᠯ ᠰᠠᠨᠠᠭ᠎ᠠ᠂ ᠵᠠᠷᠴᠢᠮ ᠰᠡᠳᠬᠢᠴᠡ᠂ ᠬᠠᠷᠠᠯᠳᠠ ᠡᠭᠦᠷᠭᠡ ᠪᠠ | ᠬᠡᠷᠡᠭᠵᠢᠭᠦᠯᠭᠦ ᠱᠠᠭᠠᠷᠳᠠᠯᠭ᠎ᠠ ᠶᠢ ᠬᠦᠨᠵᠡᠭᠡᠢ ᠲᠤᠳᠤᠷᠬᠠᠶᠢᠯᠠᠨ ᠦᠭᠦᠯᠡᠵᠤ᠂ ︽ᠲᠤᠮᠳᠠᠳᠤ ᠤᠯᠤᠰ ᠤᠨ ᠨᠡᠶᠢᠭᠡᠮ | ᠵᠢᠷᠤᠮ ᠤᠨ ᠰᠢᠨ᠎ᠠ ᠴᠠᠭ ᠦᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠠᠮᠠᠷ ᠨᠠᠮ ᠪᠤᠯᠤᠨ ᠲᠦᠷᠦ ᠶᠢᠨ | ᠪᠠᠶᠢᠭᠤᠯᠤᠮᠵᠢ ᠶᠢᠨ ᠡᠭᠦᠷᠭᠡ ᠴᠢᠳᠠᠪᠬᠢᠳᠦ ᠰᠢᠰᠲ᠋ᠧᠮᠵᠢ ᠶᠢ ᠪᠠᠶᠢᠭᠤᠯᠬᠤ ᠪᠠ ᠡᠨᠡ ᠬᠦ ᠪᠠᠶᠢᠭᠤᠯᠤᠮᠵᠢ ᠶᠢᠨ ᠡᠭᠦᠷᠭᠡ | ᠴᠢᠳᠠᠪᠬᠢᠳᠦ ᠰᠢᠰᠲ᠋ᠧᠮᠵᠢ ᠶᠢ ᠬᠡᠷᠬᠢᠨ ᠪᠠᠶᠢᠭᠤᠯᠬᠤ︾ ᠴᠢᠬᠤᠯᠠ ᠶᠡᠭᠡ ᠰᠡᠳᠦᠪ ᠲᠤ ᠰᠢᠰᠲ᠋ᠧᠮ ᠲᠠᠢ ᠬᠠᠷᠢᠭᠤᠯᠳᠠ | ᠦᠭᠪᠡ᠂ ᠡᠨᠡ ᠨᠢ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠨᠤᠳᠠᠯᠠᠵᠤ ᠵᠢᠷᠤᠵᠤ ᠲᠦᠯᠦᠪᠯᠡᠭᠦ ᠵᠢᠯᠤᠭᠤᠳᠬᠤ ᠦᠵᠡᠯ | ᠰᠠᠨᠠᠭ᠎ᠠ ᠪᠠ ᠵᠤᠬᠢᠶᠠᠨ ᠪᠠᠶᠢᠭᠤᠯᠵᠤ ᠬᠡᠷᠡᠭᠵᠢᠭᠦᠯᠭᠦ ᠦᠨᠳᠦᠰᠦᠨ ᠵᠢᠷᠤᠮᠯᠠᠯ ᠪᠤᠯᠵᠤ᠂ ᠨᠠᠮ ᠪᠤᠯᠤᠨ ᠲᠦᠷᠦ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠳᠤ ᠠᠵᠢᠯᠯᠠᠭᠠᠨ ᠤ ᠵᠦᠭᠯᠡᠭᠦᠷ ᠬᠠᠩᠭᠠᠵᠠᠢ ᠬᠡᠵᠤ | ᠦᠵᠡᠪᠡ᠃ | ᠬᠤᠷᠠᠯ ᠠᠴᠠ᠂ ᠤᠷᠤᠨ ᠨᠤᠳᠤᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠤᠯ ᠨᠠᠮ | ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠴᠢᠬᠤᠯᠠ ᠠᠭᠤᠯᠭ᠎ᠠ ᠪᠠ ᠤᠯᠤᠰ ᠤᠨ ᠵᠠᠰᠠᠯᠳᠠ ᠶᠢᠨ | ᠰᠢᠰᠲ᠋ᠧᠮᠵᠢ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠭᠤᠬᠴᠤᠭ᠎ᠠ | ᠪᠤᠯᠤᠨ᠎ᠠ᠃ ᠦᠪᠦᠷ ᠮᠤᠩᠭᠤᠯ ᠪᠤᠯ ᠦᠨᠳᠦᠰᠦᠳᠡᠨ ᠤ ᠤᠷᠤᠨ᠂ ᠬᠢᠯᠢ ᠬᠢᠵᠠᠭᠠᠷ ᠤᠷᠤᠨ᠂ ᠬᠦᠭᠵᠢᠭᠡᠳᠦᠢ ᠤᠷᠤᠨ | ᠪᠤᠯᠤᠨ᠎ᠠ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠡᠯ᠎ᠠ ᠵᠦᠢᠯ ᠤᠨ ᠡᠭᠦᠷᠭᠡ ᠶᠢ ᠡᠷᠡᠰ ᠪᠡᠶᠡᠯᠡᠭᠦᠯᠭᠦ ᠨᠢ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ᠂ ᠤᠳᠤᠬᠢᠴᠢᠯᠠᠬᠰᠠᠨ ᠦᠪᠦᠷ ᠮᠤᠩᠭᠤᠯ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠪᠦᠬᠦ ᠲᠠᠯ᠎ᠠ ᠲᠠᠢ ᠬᠤᠯᠪᠤᠬᠳᠠᠵᠤ ᠪᠠᠶᠢᠬᠤ ᠪᠦᠭᠡᠳ ᠡᠭᠦᠷᠭᠡ ᠬᠠᠷᠢᠭᠤᠴᠠᠯᠭ᠎ᠠ ᠪᠠᠨ ᠨᠡᠩ | ᠰᠠᠶᠢᠲᠤᠷ ᠬᠦᠢᠴᠡᠳᠭᠡᠭᠦ᠂ ᠨᠠᠮ ᠪᠤᠯᠤᠨ ᠤᠯᠤᠰ ᠤᠨ ᠡᠯ᠎ᠠ ᠵᠦᠢᠯ ᠤᠨ ᠠᠵᠢᠯ ᠳᠤ ᠨᠡᠩ ᠰᠠᠶᠢᠲᠤᠷ ᠦᠢᠯᠡᠴᠢᠯᠡᠭᠦ | ᠪᠦᠬᠦ ᠲᠠᠯ᠎ᠠ ᠲᠠᠢ ᠬᠤᠯᠪᠤᠬᠳᠠᠵᠤ ᠪᠠᠶᠢᠨ᠎ᠠ᠃ ᠤᠷᠤᠨ ᠲᠠᠶᠠᠭᠠᠷ ᠢᠶᠠᠷ ᠢᠶᠠᠨ ︽ᠲᠦᠷᠪᠡᠨ ᠤᠬᠠᠮᠰᠠᠷ︾ ᠢ ᠪᠠᠳᠤ ᠪᠤᠢ | ᠪᠤᠯᠭᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠡᠷᠡᠰ ᠬᠠᠮᠠᠭᠠᠯᠠᠬᠤ︾ ᠶᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠤᠯᠤᠨ ᠲᠦᠷᠦ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ | ᠰᠤᠷᠤᠯᠴᠠᠨ ᠰᠠᠶᠢᠲᠤᠷ ᠠᠰᠢᠬᠯᠠᠵᠤ᠂ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ | ᠲᠦᠰᠦᠯ ᠪᠤᠯᠤᠨ ᠬᠡᠷᠡᠭᠵᠢᠭᠦᠯᠭᠦ ᠰᠠᠨᠠᠯ᠂ ᠠᠶᠢᠮᠠᠭ ᠬᠤᠳᠠ ᠬᠤᠰᠢᠭᠤ ᠰᠢᠶᠠᠨ ︵ᠬᠤᠳᠠ᠂ ᠲᠤᠭᠤᠷᠢᠭ︶ ᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠶᠡᠷᠦᠩᠬᠡᠢ ᠰᠠᠨᠠᠯ ᠢ ᠡᠷᠡᠰ ᠲᠤᠭᠤᠰᠢᠯᠠᠭᠤᠯᠤᠨ ᠬᠡᠷᠡᠭᠵᠢᠭᠦᠯᠵᠤ᠂ ᠦᠵᠡᠯ | ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠲᠠ ᠲᠠᠢ ᠨᠢᠭᠡᠳᠦᠯᠳᠡᠢ ᠪᠠᠶᠢᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ | ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠦᠨ᠂ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠦᠭᠡᠷᠡᠴᠢᠯᠡᠯᠳᠡ ᠶᠢᠨ | ᠴᠢᠭᠯᠡᠯ ᠢ ᠪᠠᠷᠢᠮᠳᠠᠯᠠᠵᠤ᠂ ᠰᠢᠯᠢᠳᠡᠭᠵᠢᠭᠦᠯᠭᠦ ᠬᠠᠮᠵᠢᠯᠴᠠᠭᠤᠯᠬᠤ ᠦᠨᠳᠦᠷ ᠪᠦᠳᠦᠮᠵᠢᠳᠤ ᠵᠠᠷᠴᠢᠮ ᠢ ᠪᠠᠷᠢᠮᠳᠠᠯᠠᠨ᠂ ᠨᠠᠮ | ᠤᠨ ᠲᠦᠪ ᠬᠤᠷᠢᠶ᠎ᠠ ᠶᠢᠨ ᠨᠢᠭᠡᠳᠦᠯᠳᠡᠢ ᠤᠳᠤᠷᠢᠳᠤᠯᠭ᠎ᠠ ᠲᠤᠤᠷ᠎ᠠ ᠤᠷᠤᠨ ᠨᠤᠳᠤᠭ ᠤᠨ ᠢᠳᠡᠪᠬᠢᠵᠢᠯ ᠢ | ᠪᠠᠳᠠᠷᠠᠭᠤᠯᠬᠤ ᠶᠢ ᠪᠠᠷᠢᠮᠳᠠᠯᠠᠵᠤ᠂ ᠬᠠᠤᠯᠢᠵᠢᠯ ᠤᠨ ᠠᠷᠭ᠎ᠠ ᠬᠡᠯᠪᠡᠷᠢ ᠪᠠᠷ ᠦᠭᠡᠷᠡᠴᠢᠯᠡᠯᠳᠡ ᠶᠢ ᠡᠴᠦᠰ ᠲᠤ ᠨᠢ | ᠲᠤᠯᠳᠠᠯ᠎ᠠ ᠠᠬᠢᠭᠤᠯᠬᠤ ᠶᠢ ᠪᠠᠷᠢᠮᠳᠠᠯᠠᠨ᠂ ᠡᠯ᠎ᠠ ᠵᠦᠢᠯ ᠤᠨ ᠦᠭᠡᠷᠡᠴᠢᠯᠡᠯᠳᠡ ᠶᠢᠨ ᠡᠭᠦᠷᠭᠡ ᠶᠢ ᠡᠷᠡᠰ ᠭᠤᠶᠢᠪᠢᠰᠢ | ᠦᠭᠡᠢ ᠨᠠᠶᠢᠳᠠᠪᠤᠷᠢᠵᠢᠭᠤᠯᠵᠤ᠂ ᠢᠮᠠᠬᠳᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ | ᠨᠢᠭᠡᠳᠦᠯᠳᠡᠢ ᠪᠠᠶᠢᠬᠤ ᠬᠡᠷᠡᠭᠳᠡᠢ ᠬᠡᠵᠤ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠳᠤ ᠶᠡᠷᠦᠩᠬᠡᠢ ᠱᠦᠵᠢ | ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠠᠷ | ᠶᠡᠷᠦᠩᠬᠡᠶᠢᠯᠡᠨ ᠵᠢᠯᠤᠭᠤᠳᠤᠭᠤᠯᠵᠤ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠪᠠᠷ ᠤᠳᠤᠷᠢᠳᠤᠮᠵᠢ ᠪᠤᠯᠭᠠᠨ᠂ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠰᠢᠯᠢᠳᠡᠭᠵᠢᠭᠦᠯᠭᠦ | ᠬᠠᠮᠵᠢᠯᠴᠠᠭᠤᠯᠬᠤ ᠦᠨᠳᠦᠷ ᠪᠦᠳᠦᠮᠵᠢᠳᠡᠢ ᠪᠤᠯᠭᠠᠬᠤ ᠶᠢ ᠠᠬᠢᠭᠤᠯᠬᠤ ᠪᠠᠷ ᠬᠦᠴᠦᠯᠡᠭᠦ ᠴᠡᠭ ᠢᠶᠠᠨ ᠪᠤᠯᠭᠠᠵᠤ᠂ | ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠦᠭᠡᠷᠡᠴᠢᠯᠡᠨ᠂ ᠡᠭᠦᠷᠭᠡ ᠴᠢᠳᠠᠪᠬᠢ ᠶᠢᠨ ᠲᠤᠬᠢᠷᠠᠭᠤᠯᠤᠯᠳᠠ ᠶᠢ | ᠰᠢᠯᠢᠳᠡᠭᠵᠢᠭᠦᠯᠵᠤ᠂ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠵᠤᠬᠢᠴᠠᠭᠤᠯᠤᠨ᠂ ᠡᠭᠦᠷᠭᠡ ᠴᠢᠳᠠᠪᠬᠢ ᠪᠠᠨ | ᠬᠤᠪᠢᠷᠠᠭᠤᠯᠬᠤ᠂ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠰᠤᠷᠳᠠᠯ ᠢᠶᠠᠨ ᠬᠤᠪᠢᠷᠠᠭᠤᠯᠬᠤ ᠶᠢ ᠭᠦᠨᠵᠡᠭᠡᠶᠢᠷᠡᠭᠦᠯᠵᠦ᠂ | ᠦᠷ᠎ᠠ ᠠᠰᠢᠭ ᠦᠢᠯᠡᠳᠦᠯ ᠴᠢᠳᠠᠪᠤᠷᠢ ᠶᠢ ᠨᠢ ᠲᠡᠭᠡᠭᠰᠢᠯᠡᠭᠦᠯᠵᠤ᠂ ᠪᠠᠶᠢᠭᠤᠯᠤᠮᠵᠢ ᠲᠤᠬᠳᠠᠴᠠ ᠶᠢᠨ ᠰᠢᠨᠡᠴᠢᠯᠡᠯᠳᠡ ᠶᠢ | ᠪᠦᠬᠦ ᠲᠠᠯ᠎ᠠ ᠪᠠᠷ ᠠᠬᠢᠭᠤᠯᠵᠤ᠂ ᠪᠦᠷᠢᠨ ᠰᠢᠰᠲ᠋ᠧᠮ᠂ ᠰᠢᠨᠵᠢᠯᠡᠭᠦ ᠤᠬᠭᠠᠨᠴᠢ ᠲᠦᠷᠢᠮᠵᠢᠯ ᠪᠠ ᠦᠨᠳᠦᠷ ᠦᠷ᠎ᠠ | ᠪᠦᠳᠦᠮᠵᠢ ᠪᠦᠬᠦᠢ ᠡᠭᠦᠷᠭᠡ ᠴᠢᠳᠠᠪᠬᠢᠳᠦ ᠰᠢᠰᠲ᠋ᠧᠮᠵᠢ ᠶᠢ ᠢᠳᠡᠪᠬᠢᠳᠡᠢ ᠪᠠᠶᠢᠭᠤᠯᠵᠤ᠂ ᠡᠯ᠎ᠠ ᠲᠠᠯ᠎ᠠ ᠶᠢᠨ | ᠦᠭᠡᠷᠡᠴᠢᠯᠡᠯᠳᠡ ᠶᠢᠨ ᠤᠷᠭᠠᠨᠢᠭ ᠢᠶᠠᠷ ᠵᠤᠯᠭᠠᠯᠴᠠᠬᠤ ᠪᠠ ᠬᠠᠮᠵᠢᠯᠴᠠᠨ ᠬᠤᠯᠪᠤᠭᠠᠯᠠᠬᠤ ᠶᠢ ᠠᠬᠢᠭᠤᠯᠵᠤ᠂ | ᠦᠭᠡᠷᠡᠴᠢᠯᠡᠯᠳᠡ ᠶᠢᠨ ᠪᠦᠬᠦᠯᠢ ᠴᠤᠬᠴᠠ ᠶᠢᠨ ᠨᠦᠯᠦᠭᠡ ᠶᠢ ᠪᠠᠳᠠᠷᠠᠭᠤᠯᠦᠨ᠂ ᠦᠵᠡᠰᠭᠦᠯᠡᠩᠳᠦ ᠰᠠᠶᠢᠬᠠᠨ ᠦᠪᠦᠷ | ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ | ᠲᠡᠷᠬᠡᠯᠰᠢᠭᠦᠯᠭᠦ ᠳᠤ ᠪᠠᠶᠢᠭᠤᠯᠤᠮᠵᠢ ᠲᠤᠬᠳᠠᠴᠠ ᠶᠢᠨ ᠬᠦᠴᠦᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠡᠢ ᠬᠡᠵᠤ | ᠱᠠᠭᠠᠷᠳᠠᠵᠠᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠵᠠᠰᠠᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠪᠠ ᠡᠭᠦᠷᠭᠡ ᠴᠢᠳᠠᠪᠬᠢ ᠶᠢᠨ ᠪᠠᠶᠢᠷᠢᠯᠠᠭᠤᠯᠤᠯᠲᠠ ᠶᠢ ᠨᠢᠭᠡᠳᠦᠯᠳᠡᠢ ᠲᠦᠯᠦᠪᠵᠢᠭᠦᠯᠦᠨ ᠰᠢᠯᠢᠳᠡᠭᠵᠢᠭᠦᠯᠭᠦ ᠭᠡᠷᠡᠭᠳᠡᠢ᠃ | ᠴᠢᠬᠤᠯᠠ ᠶᠡᠭᠡ ᠠᠵᠢᠯ ᠤᠨ ᠲᠤᠬᠠᠢ ᠨᠠᠮ ᠤᠨ ᠬᠤᠷᠢᠶ᠎ᠠ ᠶᠢᠨ ᠤᠳᠤᠷᠢᠳᠬᠤ ᠪᠠᠶᠢᠭᠤᠯᠤᠮᠵᠢ ᠲᠤᠬᠳᠠᠴᠠ ᠶᠢ | ᠪᠠᠶᠢᠭᠤᠯᠤᠨ ᠪᠦᠷᠢᠨᠰᠢᠭᠦᠯᠵᠤ᠂ ᠨᠠᠮ ᠤᠨ ᠬᠤᠷᠢᠶ᠎ᠠ ᠶᠢᠨ ᠤᠴᠢᠷ ᠶᠠᠪᠤᠳᠠᠯ ᠵᠦᠪᠯᠡᠵᠤ ᠵᠤᠬᠢᠴᠠᠭᠤᠯᠬᠤ ᠪᠠᠶᠢᠭᠤᠯᠤᠮᠵᠢ | ᠵᠢᠴᠢ ᠲᠡᠭᠦᠨ ᠤ ᠤᠴᠢᠷ ᠶᠠᠪᠤᠳᠠᠯ ᠬᠦᠢᠴᠡᠳᠭᠡᠭᠦ ᠪᠠᠶᠢᠭᠤᠯᠤᠮᠵᠢ ᠶᠢ ᠰᠢᠯᠢᠳᠡᠭᠵᠢᠭᠦᠯᠵᠤ᠂ ᠨᠠᠮ ᠤᠨ ᠡᠭᠦᠷᠭᠡ | ᠴᠢᠳᠠᠪᠬᠢᠳᠦ ᠰᠠᠯᠠᠭ᠎ᠠ ᠮᠦᠴᠢᠷ ᠤᠨ ᠨᠢᠭᠡᠳᠦᠯᠳᠡᠢ ᠵᠤᠬᠢᠴᠠᠭᠤᠯᠤᠨ ᠬᠠᠮᠢᠶᠠᠷᠬᠤ ᠡᠭᠦᠷᠭᠡ ᠴᠢᠳᠠᠪᠬᠢ ᠶᠢ ᠴᠢᠩᠭᠠᠳᠬᠠᠵᠤ᠂ | ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠮᠵᠢ ᠪᠤᠯᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠠᠬᠢᠭᠤᠯᠵᠤ᠂ ᠨᠠᠮ ᠤᠨ ᠤᠳᠤᠷᠢᠳᠤᠯᠭ᠎ᠠ ᠪᠦᠬᠦᠨ ᠢ ᠬᠠᠮᠤᠷᠬᠤ ᠶᠢ ᠪᠠᠳᠤᠯᠠᠵᠤ᠂ ᠨᠠᠮ ᠤᠨ ᠤᠳᠤᠷᠢᠳᠤᠯᠭ᠎ᠠ ᠨᠡᠩ | ᠪᠠᠳᠤ ᠴᠢᠩᠭ᠎ᠠ ᠬᠦᠴᠦᠨ ᠲᠠᠢ ᠪᠠᠶᠢᠬᠤ ᠶᠢ ᠪᠠᠳᠤᠯᠠᠬᠤ ᠬᠡᠷᠡᠭᠳᠡᠢ᠃ ᠲᠡᠭᠡᠳᠦ ᠲᠤᠤᠷᠠᠳᠤ ᠱᠠᠳᠤ ᠨᠡᠪᠳᠡᠷᠡᠭᠰᠡᠨ᠂ | ᠬᠡᠷᠡᠭᠵᠢᠭᠦᠯᠤᠯᠳᠡ ᠬᠦᠴᠦᠨ ᠲᠠᠢ ᠪᠠᠶᠢᠬᠤ ᠪᠠᠶᠢᠭᠤᠯᠤᠮᠵᠢ ᠵᠢᠴᠢ ᠲᠡᠭᠦᠨ ᠤ ᠡᠭᠦᠷᠭᠡ ᠴᠢᠳᠠᠪᠬᠢ ᠶᠢ ᠵᠦᠢ ᠵᠤᠬᠢᠰᠳᠠᠢ | ᠪᠠᠶᠢᠷᠢᠯᠠᠭᠤᠯᠤᠨ ᠲᠤᠬᠢᠷᠠᠭᠤᠯᠵᠤ᠂ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠤᠭᠤᠷᠢᠭ︶ ᠤ ᠭᠤᠤᠯ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠲᠦᠪ ᠤᠨ ᠬᠢ ᠲᠠᠢ ᠦᠨᠳᠦᠰᠦᠨ ᠳᠤ ᠪᠠᠨ | ᠬᠠᠷᠠᠭᠠᠯᠵᠠᠬᠤ ᠶᠢ ᠪᠠᠳᠤᠯᠠᠵᠤ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ | ᠪᠠᠶᠢᠭᠤᠯᠤᠮᠵᠢ ᠶᠢᠨ ᠦᠭᠡᠷᠡᠴᠢᠯᠡᠯᠳᠡ ᠪᠤᠯᠤᠨ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠤᠷᠭᠠᠨᠢᠭ ᠵᠤᠯᠭᠠᠯᠴᠠᠭ᠎ᠠ ᠶᠢ ᠴᠢᠩᠭᠠᠷᠠᠭᠤᠯᠵᠤ᠂ ᠨᠠᠮ ᠵᠠᠰᠠᠭ ᠤᠨ ᠪᠠᠶᠢᠭᠤᠯᠤᠮᠵᠢ ᠶᠢ | ᠨᠢᠭᠡᠳᠦᠯᠳᠡᠢ ᠲᠦᠯᠦᠪᠵᠢᠭᠦᠯᠦᠨ ᠪᠠᠶᠢᠷᠢᠯᠠᠭᠤᠯᠵᠤ᠂ ᠬᠦᠴᠦᠨ ᠴᠢᠳᠠᠯ ᠡᠬᠢ ᠪᠠᠶᠠᠯᠢᠭ ᠢᠶᠠᠨ ᠨᠡᠶᠢᠳᠬᠡᠨ᠂ ᠡᠭᠦᠷᠭᠡ | ᠴᠢᠳᠠᠪᠬᠢ ᠶᠢᠨ ᠤᠷᠭᠠᠨᠢᠭ ᠨᠢᠭᠡᠳᠦᠯ ᠢ ᠪᠡᠶᠡᠯᠡᠭᠦᠯᠵᠤ᠂ ᠪᠠᠶᠢᠭᠤᠯᠤᠮᠵᠢ ᠶᠢᠨ ᠦᠢᠯᠡᠳᠦᠯ ᠴᠢᠳᠠᠪᠬᠢ ᠪᠤᠯᠤᠨ | ᠲᠠᠪᠠᠭᠤᠯᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠳᠡᠢ᠃ ᠪᠠᠶᠢᠭᠤᠯᠤᠮᠵᠢ ᠶᠢᠨ ᠲᠤᠭ᠎ᠠ ᠬᠡᠮᠵᠢᠶ᠎ᠠ ᠶᠢᠨ | ᠬᠡᠪᠴᠢᠶᠡᠨ ᠳᠤ ᠭᠠᠵᠠᠷ ᠤᠷᠤᠨ ᠤ ᠤᠨᠴᠠᠯᠢᠭ ᠢ ᠨᠢ ᠦᠨᠳᠦᠰᠦᠯᠡᠨ ᠪᠠᠶᠢᠭᠤᠯᠤᠮᠵᠢ ᠶᠢ ᠪᠠᠶᠢᠷᠢᠯᠠᠭᠤᠯᠵᠤ ᠡᠭᠦᠷᠭᠡ | ᠴᠢᠳᠠᠪᠬᠢ ᠶᠢ ᠨᠢ ᠲᠤᠬᠢᠷᠠᠭᠤᠯᠵᠤ᠂ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠨᠡᠶᠢᠳᠬᠡᠵᠦ ᠨᠡᠶᠢᠯᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠡᠭᠦᠷᠭᠡ ᠴᠢᠳᠠᠪᠬᠢ ᠨᠢ ᠠᠳᠠᠯᠢᠪᠳᠤᠷ ᠪᠠᠶᠢᠬᠤ ᠨᠠᠮ ᠵᠠᠰᠠᠭ ᠤᠨ ᠪᠠᠶᠢᠭᠤᠯᠤᠮᠵᠢ ᠶᠢ | ᠨᠡᠶᠢᠯᠡᠭᠦᠯᠦᠨ ᠪᠠᠶᠢᠭᠤᠯᠬᠤ ᠪᠤᠶᠤ ᠬᠠᠮᠳᠤᠷᠠᠨ ᠠᠯᠪᠠᠯᠠᠬᠤ ᠡᠷᠴᠢᠮ ᠢ ᠴᠢᠩᠭᠠᠷᠠᠭᠤᠯᠵᠤ᠂ ᠦᠭᠡᠷᠡᠴᠢᠯᠡᠯᠳᠡ ᠶᠢᠨ | ᠦᠢᠯᠡᠳᠦᠯᠭᠡ ᠶᠢ ᠬᠠᠶᠢᠨ ᠰᠦᠪᠡᠭᠴᠢᠯᠡᠭᠦ ᠡᠷᠴᠢᠮ ᠢ ᠴᠢᠩᠭᠠᠷᠠᠭᠤᠯᠤᠨ᠂ ᠨᠡᠮᠡᠬᠦ ᠴᠢᠬᠤᠯᠠᠳᠠᠢ ᠡᠭᠦᠷᠭᠡ ᠴᠢᠳᠠᠪᠬᠢ | ᠪᠤᠯᠤᠨ ᠤᠳᠤ ᠪᠠᠶᠢᠬᠤ ᠡᠭᠦᠷᠭᠡ ᠴᠢᠳᠠᠪᠬᠢ ᠶᠢ ᠨᠢᠭᠡᠳᠦᠯᠳᠡᠢ ᠲᠦᠯᠦᠪᠵᠢᠭᠦᠯᠵᠤ᠂ ᠰᠢᠨᠵᠢᠯᠡᠭᠦ ᠤᠬᠠᠭᠠᠨᠴᠢ ᠪᠠᠷ | ᠲᠦᠯᠦᠪᠯᠡᠭᠦ ᠬᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠦᠭᠦᠮ ᠲᠦᠳᠡ ᠮᠦᠷᠳᠡᠭᠡᠨ ᠦᠨᠳᠦᠷ ᠦᠷ᠎ᠠ ᠪᠦᠳᠦᠮᠵᠢᠳᠡᠢ | ᠦᠨᠳᠦᠰᠦᠨ ᠱᠠᠳᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠳᠡᠢ᠃ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠪᠤᠯᠤᠨ ᠡᠭᠦᠷᠭᠡ ᠴᠢᠳᠠᠪᠬᠢ ᠶᠢᠨ ᠲᠤᠬᠢᠷᠠᠭᠤᠯᠤᠯᠳᠠ ᠶᠢᠨ ᠲᠠᠯ᠎ᠠ ᠪᠠᠷ ᠠᠷᠠᠳ ᠤᠨ ᠠᠮᠢᠳᠤᠷᠠᠯ ᠢ | ᠨᠡᠩ ᠳᠤᠪᠤᠶᠢᠯᠠᠭᠠᠨ᠂ ᠦᠨᠳᠦᠰᠦᠨ ᠱᠠᠳᠤᠨ ᠤ ᠰᠠᠭᠤᠷᠢ ᠶᠢ ᠪᠠᠭᠢᠵᠢᠭᠦᠯᠵᠤ᠂ ᠠᠵᠤ ᠠᠬᠤᠢ ᠨᠡᠶᠢᠭᠡᠮ ᠤᠨ | ᠬᠠᠮᠢᠶᠠᠷᠤᠯᠳᠠ ᠶᠢᠨ ᠵᠦᠢᠯᠡᠰ ᠢ ᠲᠤᠷᠤᠬᠰᠢ ᠪᠠᠭᠤᠯᠭᠠᠵᠤ᠂ ᠨᠡᠶᠢᠭᠡᠮ ᠤᠨ ᠬᠠᠮᠢᠶᠠᠷᠤᠯᠳᠠ ᠪᠤᠯᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠬᠢ ᠶᠢ ᠴᠢᠩᠭᠠᠷᠠᠭᠤᠯᠵᠤ᠂ ᠡᠯ᠎ᠠ ᠲᠦᠷᠦᠯ ᠤᠨ ᠪᠠᠶᠢᠭᠤᠯᠤᠮᠵᠢ᠂ ᠵᠤᠬᠢᠶᠠᠨ | ᠪᠠᠶᠢᠭᠤᠯᠤᠯᠲᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠨ ᠡᠭᠦᠨ ᠤ ᠪᠠᠳᠤᠯᠠᠬᠤ ᠲᠠᠯ᠎ᠠ ᠪᠠᠷ | ᠨᠡᠩ ᠶᠡᠭᠡ ᠠᠵᠢᠯ ᠬᠢᠭᠦ ᠬᠡᠷᠡᠭᠳᠡᠢ᠃ ᠰᠤᠮᠤ ᠰᠢᠶᠠᠩ ᠪᠠᠯᠭᠠᠰᠦ ︵ᠵᠡᠭᠡᠯᠢ ᠭᠤᠳᠤᠮᠵᠢ︶ ᠶᠢᠨ ᠪᠠᠶᠢᠭᠤᠯᠤᠮᠵᠢ ᠶᠢᠨ | ᠤᠷᠤᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠳᠡᠢ ᠲᠦᠯᠦᠪᠵᠢᠭᠦᠯᠦᠨ᠂ ᠬᠠᠮᠢᠶ᠎ᠠ ᠪᠦᠬᠦᠢ ᠡᠭᠦᠷᠭᠡ ᠴᠢᠳᠠᠪᠬᠢ ᠶᠢ | ᠨᠡᠶᠢᠳᠬᠡᠵᠦ ᠶᠡᠷᠦᠩᠬᠡᠶᠢᠯᠡᠭᠰᠡᠨ ᠴᠢᠨᠠᠷᠳᠠᠢ ᠪᠠᠶᠢᠭᠤᠯᠤᠮᠵᠢ ᠶᠢ ᠪᠠᠶᠢᠭᠤᠯᠵᠤ᠂ ᠬᠠᠪᠲᠠᠭᠠᠶᠢᠵᠢᠭᠰᠠᠨ ᠪᠠ ᠲᠤᠤᠷᠵᠢᠬᠰᠠᠨ | ᠬᠠᠮᠢᠶᠠᠷᠤᠯᠳᠠ ᠶᠢ ᠬᠡᠷᠡᠭᠵᠢᠭᠦᠯᠭᠦ ᠬᠡᠷᠡᠭᠳᠡᠢ᠃ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠵᠠᠰᠠᠭ ᠢ ᠴᠤᠮᠬᠠᠳᠬᠠᠨ | ᠡᠷᠭᠡ ᠶᠢ ᠲᠤᠷᠤᠬᠰᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠭᠦ ᠯᠦᠭᠡ ᠤᠶᠠᠯᠳᠤᠭᠤᠯᠵᠤ᠂ ᠦᠢᠯᠡᠴᠢᠯᠡᠭᠡ ᠶᠢ ᠠᠷᠠᠳ ᠲᠤ ᠲᠦᠭᠦᠮ ᠪᠤᠯᠭᠠᠬᠤ ᠦᠭᠡᠷᠡᠴᠢᠯᠡᠯᠳᠡ ᠶᠢᠨ | ᠬᠢᠨᠠᠨ ᠵᠦᠪᠰᠢᠶᠡᠷᠡᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠦᠨᠳᠦᠰᠦᠨ ᠱᠠᠳᠤᠨ ᠤ ᠬᠢᠨᠠᠨ | ᠵᠦᠪᠰᠢᠶᠡᠷᠡᠭᠦ᠂ ᠦᠢᠯᠡᠴᠢᠯᠡᠭᠦ᠂ ᠬᠠᠤᠯᠢ ᠬᠡᠷᠡᠭᠵᠢᠭᠦᠯᠭᠦ ᠵᠡᠷᠭᠡ ᠲᠠᠯ᠎ᠠ ᠶᠢᠨ ᠬᠦᠴᠦᠨ ᠴᠢᠳᠠᠪᠤᠷᠢ ᠪᠤᠯᠤᠨ ᠡᠭᠦᠷᠭᠡ | ᠴᠢᠳᠠᠪᠬᠢ ᠶᠢ ᠨᠡᠶᠢᠳᠬᠡᠵᠦ᠂ ᠤᠯᠠᠨ ᠲᠦᠮᠡᠨ ᠤ ᠤᠴᠢᠷ ᠶᠠᠪᠤᠳᠠᠯ ᠬᠦᠢᠴᠡᠳᠭᠡᠭᠦ ᠳᠤ ᠪᠠᠨ ︽ᠨᠢᠭᠡ ᠯᠡ ᠠᠯᠪᠠᠨ | ᠭᠡᠷ ᠢᠶᠠᠷ ᠤᠷᠤᠬᠤ︾ ︽ᠬᠡᠳᠦᠷᠡᠭᠦ ᠳᠤ ᠪᠠᠨ ᠨᠢᠭᠡ ᠤᠳᠠᠭ᠎ᠠ ᠬᠦᠶᠦᠭᠦ︾ ᠶᠢ ᠴᠢᠷᠮᠠᠶᠢᠨ ᠪᠡᠶᠡᠯᠡᠭᠦᠯᠭᠦ ᠬᠡᠷᠡᠭᠳᠡᠢ | ᠭᠡᠵᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠤᠰᠤᠳ ᠡᠯ᠎ᠠ ᠵᠦᠢᠯ ᠤᠨ ᠦᠭᠡᠷᠡᠴᠢᠯᠡᠯᠳᠡ ᠶᠢ | ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠬᠡᠷᠡᠭᠳᠡᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠤᠬᠳᠠᠭᠠᠬᠤ ᠠᠵᠢᠯ ᠲᠤᠮᠳᠠᠬᠢ ᠭᠤᠤᠯᠯᠠᠨ ᠤᠳᠤᠷᠢᠳᠬᠤ | ᠦᠢᠯᠡᠳᠦᠯ ᠢ ᠪᠠᠳᠠᠷᠠᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠰᠦᠪ ᠤᠨ ᠬᠦᠢᠴᠡᠳᠭᠡᠯ᠂ | ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠬᠠᠮᠢᠶᠠᠷᠤᠯᠳᠠ ᠵᠡᠷᠭᠡ ᠶᠢᠨ ᠲᠤᠬᠠᠢ ᠬᠢᠨᠠᠯᠳᠠ ᠲᠠᠯᠪᠢᠬᠤ ᠡᠭᠦᠷᠭᠡ | ᠴᠢᠳᠠᠪᠬᠢ ᠶᠢ ᠴᠢᠩᠭᠠᠳᠬᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠶᠠᠨ ᠪᠠᠶᠢᠭᠤᠯᠬᠤ | ᠲᠦᠷᠢᠮ ᠪᠠ ᠠᠵᠢᠯ ᠤᠨ ᠲᠦᠷᠢᠮ ᠢ ᠪᠦᠷᠢᠨᠰᠢᠭᠦᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠤᠰᠬᠠᠢ ᠵᠦᠪᠯᠡᠯ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠭᠦ ᠬᠡᠷᠡᠭᠳᠡᠢ᠃ ᠤᠯᠤᠰ ᠲᠦᠷᠦ ᠶᠢᠨ ᠵᠦᠪᠯᠡᠯᠭᠡᠨ ᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ | ᠡᠭᠦᠷᠭᠡ ᠪᠠᠨ ᠬᠦᠢᠴᠡᠳᠭᠡᠭᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠡᠯ ᠢᠶᠠᠷ ᠬᠢᠨᠠᠯᠳᠠ ᠲᠠᠯᠪᠢᠬᠤ ᠶᠢ ᠴᠢᠩᠭᠠᠳᠬᠠᠨ᠂ ᠤᠯᠤᠰ ᠲᠦᠷᠦ ᠶᠢᠨ ᠵᠦᠪᠯᠡᠯᠭᠡᠨ ᠤ | ᠲᠤᠰᠬᠠᠢ ᠵᠦᠪᠯᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠭᠡᠷᠡᠭᠳᠡᠢ᠃ ᠤᠯᠠᠨ ᠲᠦᠮᠡᠨ ᠤ ᠪᠦᠯᠬᠦᠮ ᠤᠨ | ᠵᠤᠬᠢᠶᠠᠨ ᠪᠠᠶᠢᠭᠤᠯᠤᠯᠲᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠬᠦᠯᠵᠦ᠂ ᠬᠠᠮᠢᠶᠠᠷᠤᠯᠳᠠ ᠶᠢᠨ ᠵᠠᠬᠪᠤᠷ ᠢ ᠲᠡᠭᠦᠯᠳᠡᠷᠵᠢᠭᠦᠯᠦᠨ᠂ ᠠᠵᠢᠯᠯᠠᠭᠠᠨ ᠤ ᠲᠤᠬᠳᠠᠴᠠ ᠶᠢ | ᠰᠢᠨᠡᠴᠢᠯᠡᠵᠤ᠂ ᠨᠠᠮ ᠵᠠᠰᠠᠭ ᠤᠨ ᠪᠠᠶᠢᠭᠤᠯᠤᠮᠵᠢ ᠬᠢᠭᠡᠳ ᠤᠯᠠᠨ ᠲᠦᠮᠡᠨ ᠤ ᠪᠦᠯᠬᠦᠮ ᠤᠨ ᠵᠤᠬᠢᠶᠠᠨ | ᠪᠠᠶᠢᠭᠤᠯᠤᠯᠲᠠ ᠶᠢᠨ ᠤᠷᠭᠠᠨᠢᠭ ᠵᠤᠯᠭᠠᠯᠴᠠᠭ᠎ᠠ ᠶᠢ ᠠᠬᠢᠭᠤᠯᠬᠤ ᠬᠡᠷᠡᠭᠳᠡᠢ᠃ ᠠᠵᠢᠯ ᠦᠢᠯᠡᠰ ᠤᠨ ᠨᠢᠭᠡᠴᠢ ᠶᠢᠨ | ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠭᠦᠷᠭᠡ ᠴᠢᠳᠠᠪᠬᠢ ᠶᠢ ᠡᠭᠦᠷᠭᠡᠯᠡᠵᠤ ᠪᠦᠬᠦᠢ ᠠᠵᠢᠯ | ᠦᠢᠯᠡᠰ ᠤᠨ ᠨᠢᠭᠡᠴᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠤ᠂ ᠡᠵᠡᠩᠨᠡᠯᠳᠡ ᠶᠢᠨ ᠠᠵᠢᠯᠯᠠᠭ᠎ᠠ | ᠡᠷᠬᠢᠯᠡᠵᠤ ᠪᠦᠬᠦᠢ ᠠᠵᠢᠯ ᠦᠢᠯᠡᠰ ᠤᠨ ᠨᠢᠭᠡᠴᠢ ᠪᠤᠯᠤᠨ ᠠᠰᠠᠷᠠᠮᠵᠢ ᠶᠢᠨ ᠲᠦᠷᠦᠯ ᠤᠨ ᠠᠵᠢᠯ ᠦᠢᠯᠡᠰ ᠤᠨ | ᠨᠢᠭᠡᠴᠢ ᠶᠢᠨ ᠦᠭᠡᠷᠡᠴᠢᠯᠡᠯᠳᠡ ᠶᠢ ᠲᠤᠬᠳᠠᠭᠤᠨ ᠪᠦᠭᠡᠳ ᠡᠮᠬᠢ ᠵᠢᠷᠤᠮ ᠲᠠᠢ ᠠᠬᠢᠭᠤᠯᠵᠤ᠂ ᠠᠵᠢᠯ ᠦᠢᠯᠡᠰ ᠤᠨ | ᠨᠢᠭᠡᠴᠢ ᠪᠤᠯᠤᠨ ᠪᠠᠶᠢᠭᠤᠯᠭ᠎ᠠ ᠶᠢᠨ ᠬᠠᠷᠢᠴᠠᠭ᠎ᠠ ᠶᠢ ᠵᠤᠬᠢᠴᠠᠭᠤᠯᠬᠤ ᠬᠡᠷᠡᠭᠳᠡᠢ᠃ ᠶᠡᠷᠦᠩᠬᠡᠶᠢᠯᠡᠭᠰᠡᠨ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠭᠦ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ | ᠡᠭᠦᠷᠭᠡ ᠴᠢᠳᠠᠪᠬᠢ ᠪᠤᠯᠤᠨ ᠬᠠᠤᠯᠢ ᠬᠡᠷᠡᠭᠵᠢᠭᠦᠯᠭᠦ ᠡᠬᠢ ᠪᠠᠶᠠᠯᠢᠭ ᠢ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠵᠤ | ᠂ ᠬᠠᠤᠯᠢ ᠬᠡᠷᠡᠭᠵᠢᠭᠦᠯᠭᠦ ᠭᠤᠤᠯᠳᠠᠯᠭ᠎ᠠ ᠪᠤᠯᠤᠨ ᠬᠦᠴᠦᠨ ᠴᠢᠳᠠᠯ ᠲᠤᠷᠤᠬᠰᠢ ᠰᠢᠯᠵᠢᠭᠦ ᠶᠢ ᠠᠬᠢᠭᠤᠯᠵᠤ᠂ ᠬᠦᠷᠢᠶ᠎ᠠ | ᠴᠠᠷᠠᠭ᠎ᠠ ᠠᠯᠤᠰᠯᠬᠠᠰᠠᠨ᠂ ᠰᠠᠯᠠᠭ᠎ᠠ ᠮᠦᠴᠢᠷ ᠠᠯᠤᠰᠯᠠᠬᠰᠠᠨ ᠬᠠᠤᠯᠢ ᠬᠡᠷᠡᠭᠵᠢᠭᠦᠯᠦᠯᠳᠡ ᠶᠢ ᠠᠬᠢᠭᠤᠯᠵᠤ᠂ | ᠬᠠᠤᠯᠢ ᠳᠤ ᠲᠤᠬᠳᠠᠬᠰᠠᠨ ᠶᠠᠪᠤᠴᠠ ᠶᠤᠰᠤᠭᠠᠷ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠭᠦ ᠡᠩᠨᠡᠭᠡ ᠶᠢᠨ ᠡᠷᠭᠡ ᠮᠡᠳᠡᠯ | ᠤᠨ ᠬᠡᠪᠴᠢᠶ᠎ᠠ ᠶᠢ ᠲᠤᠬᠢᠷᠠᠭᠤᠯᠬᠤ ᠵᠢᠴᠢ ᠡᠷᠭᠡ ᠤᠯᠭᠤᠬᠤ ᠠᠵᠢᠯ ᠢ ᠰᠠᠶᠢᠲᠤᠷ ᠬᠢᠵᠤ᠂ ᠡᠷᠭᠡ ᠬᠠᠷᠢᠭᠤᠴᠠᠯᠭ᠎ᠠ | ᠨᠢᠭᠡᠳᠦᠯᠳᠡᠢ᠂ ᠡᠷᠭᠡ ᠰᠦᠷᠳᠦ ᠦᠨᠳᠦᠷ ᠦᠷ᠎ᠠ ᠪᠦᠳᠦᠮᠵᠢᠳᠦ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠭᠦ ᠪᠠᠶᠢᠭᠤᠯᠤᠮᠵᠢ ᠶᠢ ᠲᠦᠷᠭᠡᠳᠭᠡᠨ ᠪᠠᠶᠢᠭᠤᠯᠬᠤ ᠬᠡᠷᠡᠭᠳᠡᠢ ᠭᠡᠵᠡᠢ᠃ | ᠪᠦᠬᠦᠳᠡ ᠬᠤᠷᠠᠯ ᠠᠴᠠ ᠵᠢᠭᠠᠭᠰᠠᠨ ᠨᠢ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠳᠤ | ᠡᠷᠬᠡᠪᠰᠢ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠳᠠ ᠶᠢᠨ ᠬᠠᠳᠠᠭᠤ ᠬᠢᠵᠠᠭᠠᠷᠯᠠᠯ ᠢ ᠴᠢᠩᠭᠠᠳᠬᠠᠬᠤ | ᠬᠡᠷᠡᠭᠳᠡᠢ᠃ ᠪᠠᠶᠢᠭᠤᠯᠤᠮᠵᠢ ᠶᠢᠨ ᠤᠷᠤᠨ ᠲᠤᠭ᠎ᠠ ᠶᠢᠨ ᠠᠵᠢᠯ ᠤᠨ ᠲᠤᠬᠠᠢ ᠨᠠᠮ ᠤᠨ ᠲᠦᠪᠯᠡᠷᠡᠩᠭᠦᠢ ᠨᠢᠭᠡᠳᠦᠯᠳᠡᠢ | ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠠ ᠶᠢᠨ ᠲᠤᠬᠳᠠᠭᠠᠬᠰᠠᠨ ᠴᠢᠬᠤᠯᠠ ᠶᠡᠭᠡ ᠪᠠᠶᠢᠭᠤᠯᠤᠮᠵᠢ | ᠲᠤᠬᠳᠠᠴᠠ ᠪᠠ ᠪᠠᠶᠢᠭᠤᠯᠤᠮᠵᠢ᠂ ᠡᠭᠦᠷᠭᠡ ᠴᠢᠳᠠᠪᠬᠢ᠂ ᠤᠷᠤᠨ ᠲᠤᠭ᠎ᠠ᠂ ᠤᠳᠤᠷᠢᠳᠤᠯᠭ᠎ᠠ ᠶᠢᠨ ᠲᠤᠰᠢᠶᠠᠯ ᠤᠨ | ᠪᠠᠶᠢᠷᠢ ᠲᠤᠭ᠎ᠠ ᠵᠡᠷᠭᠡ ᠲᠤᠬᠠᠢ ᠲᠤᠬᠳᠠᠭᠠᠯ ᠢ ᠴᠢᠩᠭ᠎ᠠ ᠬᠡᠷᠡᠭᠵᠢᠭᠦᠯᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ | ᠬᠠᠮᠢᠶᠠᠷᠤᠯᠳᠠ ᠶᠢᠨ ᠬᠠᠤᠯᠢ ᠴᠠᠭᠠᠵᠠ ᠬᠠᠤᠯᠢ ᠲᠦᠷᠢᠮ ᠪᠤᠯᠤᠨ ᠲᠦᠷᠦ ᠶᠢᠨ ᠪᠤᠳᠤᠯᠭ᠎ᠠ ᠶᠢᠨ ᠲᠤᠬᠳᠠᠭᠠᠯ ᠢ | ᠬᠡᠷᠡᠭᠵᠢᠭᠦᠯᠵᠤ᠂ ᠪᠠᠶᠢᠭᠤᠯᠤᠮᠵᠢ ᠶᠢᠨ ᠬᠢᠵᠠᠭᠠᠷᠯᠠᠯ ᠲᠤᠭ᠎ᠠ ᠪᠠ ᠤᠷᠤᠨ ᠲᠤᠭ᠎ᠠ ᠶᠢᠨ ᠡᠵᠡᠮᠳᠡᠯ ᠢ ᠴᠢᠩᠭᠠᠳᠬᠠᠵᠤ᠂ | ᠪᠠᠶᠢᠭᠤᠯᠤᠮᠵᠢ᠂ ᠡᠭᠦᠷᠭᠡ ᠴᠢᠳᠠᠪᠬᠢ᠂ ᠡᠷᠭᠡ ᠮᠡᠳᠡᠯ ᠤᠨ ᠬᠡᠪᠴᠢᠶ᠎ᠠ᠂ ᠲᠡᠰ ᠲᠠᠷᠠᠭᠠᠯᠠᠯ᠂ ᠬᠠᠷᠢᠭᠤᠴᠠᠯᠭ᠎ᠠ ᠶᠢ | ᠬᠠᠤᠯᠢ ᠪᠠᠷ ᠲᠤᠬᠳᠠᠭᠠᠬᠤ ᠶᠢ ᠠᠬᠢᠭᠤᠯᠬᠤ ᠬᠡᠷᠡᠭᠳᠡᠢ᠃ ᠪᠠᠶᠢᠭᠤᠯᠤᠮᠵᠢ ᠶᠢᠨ ᠤᠷᠤᠨ ᠲᠤᠭ᠎ᠠ ᠶᠢᠨ ᠰᠢᠨᠵᠢᠯᠡᠭᠦ | ᠤᠬᠠᠭᠠᠨᠴᠢᠯᠡᠬᠰᠡᠨ᠂ ᠵᠢᠷᠤᠮᠵᠢᠬᠰᠠᠨ ᠬᠠᠮᠢᠶᠠᠷᠤᠯᠳᠠ ᠶᠢ ᠴᠢᠩᠭᠠᠳᠬᠠᠵᠤ᠂ ᠰᠠᠯᠠᠭ᠎ᠠ ᠮᠦᠴᠢᠷ ᠤᠨ ᠬᠤᠭᠤᠷᠤᠨᠳᠤᠬᠢ᠂ | ᠭᠠᠵᠠᠷ ᠤᠷᠤᠨ ᠤ ᠬᠤᠭᠤᠷᠤᠨᠳᠤᠬᠢ ᠤᠷᠤᠨ ᠲᠤᠭ᠎ᠠ ᠶᠢ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠳᠠ ᠬᠢᠭᠡᠳ ᠵᠤᠬᠢᠶᠠᠨ | ᠪᠠᠶᠢᠭᠤᠯᠤᠯᠲᠠ ᠶᠢᠨ ᠠᠵᠢᠯᠳᠠᠨ ᠤ ᠶᠠᠪᠤᠳᠠᠯ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠳᠠ ᠶᠢᠨ ᠬᠠᠮᠳᠤ ᠪᠠᠷ | ᠬᠦᠷᠲᠡᠬᠦ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ︽ᠶᠠᠪᠤᠳᠠᠯ ᠪᠦᠬᠦᠨ ᠢ ᠬᠠᠮᠢᠶᠠᠷᠬᠤ︾ ᠶᠢ ᠡᠷᠡᠰ | ᠬᠤᠷᠢᠬᠯᠠᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠢᠨᠠᠯᠳᠠ ᠪᠠᠶᠢᠴᠠᠭᠠᠯᠲᠠ ᠶᠢ ᠴᠢᠩᠳᠠᠯᠠᠬᠤ ᠬᠡᠷᠡᠭᠳᠡᠢ᠃ ︽ | ᠭᠤᠷᠪᠠ ᠶᠢ ᠲᠤᠬᠳᠠᠭᠠᠬᠤ︾ ᠲᠤᠬᠳᠠᠭᠠᠯ ᠢ ᠲᠤᠭᠤᠷᠪᠢᠨ ᠲᠤᠬᠳᠠᠭᠠᠬᠤ ᠵᠠᠷᠴᠢᠮ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠵᠤ᠂ ᠭᠤᠤᠯ ᠲᠤᠰᠢᠶᠠᠯ ᠬᠠᠷᠢᠭᠤᠴᠠᠯᠭ᠎ᠠ ᠶᠢ ᠰᠢᠨᠵᠢᠯᠡᠭᠦ ᠤᠬᠠᠭᠠᠨᠴᠢ ᠪᠠᠷ ᠲᠤᠬᠢᠷᠠᠭᠤᠯᠵᠤ᠂ ᠲᠤᠳᠤᠭᠠᠳᠤ | ᠪᠠᠶᠢᠭᠤᠯᠤᠮᠵᠢ ᠶᠢ ᠰᠢᠯᠢᠳᠡᠭᠵᠢᠭᠦᠯᠦᠨ ᠪᠠᠶᠢᠢᠷᠢᠯᠠᠭᠤᠯᠵᠤ᠂ ᠠᠵᠢᠯᠳᠠᠨ ᠤ ᠤᠷᠤᠨ ᠲᠤᠭ᠎ᠠ ᠶᠢ ᠨᠢᠭᠡᠳᠦᠯᠳᠡᠢ | ᠲᠦᠯᠦᠪᠵᠢᠭᠦᠯᠦᠨ ᠠᠮᠢᠯᠠᠭᠤᠯᠵᠤ᠂ ᠤᠳᠤᠷᠢᠳᠤᠯᠭ᠎ᠠ ᠶᠢᠨ ᠲᠤᠰᠢᠶᠠᠯ ᠤᠨ ᠪᠠᠶᠢᠷᠢ ᠲᠤᠭ᠎ᠠ ᠶᠢ ᠵᠢᠷᠤᠮᠵᠢᠭᠤᠯᠵᠤ᠂ ︽ | ᠭᠤᠷᠪᠠ ᠶᠢ ᠲᠤᠬᠳᠠᠭᠠᠬᠤ︾ ᠲᠤᠬᠳᠠᠭᠠᠯ ᠤᠨ ᠪᠠᠳᠤ ᠴᠢᠩᠭ᠎ᠠ ᠴᠢᠨᠠᠷ ᠪᠤᠯᠤᠨ ᠡᠷᠭᠡ ᠰᠦᠷᠳᠦ ᠴᠢᠨᠠᠷ ᠢ ᠬᠠᠮᠠᠭᠠᠯᠠᠵᠤ᠂ | ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠪᠤᠯᠤᠨ ︽ᠭᠤᠷᠪᠠ ᠶᠢ ᠲᠤᠬᠳᠠᠭᠠᠬᠤ︾ ᠲᠤᠬᠳᠠᠭᠠᠯ ᠤᠨ ᠤᠷᠭᠠᠨᠢᠭ | ᠵᠤᠯᠭᠠᠯᠴᠠᠭ᠎ᠠ ᠶᠢ ᠪᠡᠶᠡᠯᠡᠭᠦᠯᠭᠦ ᠬᠡᠷᠡᠭᠳᠡᠢ ᠭᠡᠵᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠤᠷᠤᠨ ᠨᠤᠳᠤᠭ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠪᠤᠯ ᠨᠢᠭᠡᠨ ᠰᠢᠰᠲ᠋ᠧᠮᠳᠦ ᠢᠨᠵᠧᠨᠧᠷᠢᠩ ᠪᠤᠯᠤᠨ᠎ᠠ᠂ ᠤᠯᠤᠰ ᠲᠦᠷᠦᠴᠢ ᠴᠢᠨᠠᠷ᠂ ᠲᠦᠷᠦ ᠶᠢᠨ | ᠪᠤᠳᠤᠯᠭᠠᠳᠦ ᠴᠢᠨᠠᠷ ᠢᠶᠠᠷ ᠴᠢᠩᠭ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠠ ᠦᠨᠳᠦᠷ ᠪᠠᠶᠢᠳᠠᠭ᠃ ᠡᠯ᠎ᠠ ᠭᠠᠵᠠᠷ | ᠤᠷᠤᠨ ᠡᠯ᠎ᠠ ᠰᠠᠯᠠᠭ᠎ᠠ ᠮᠦᠴᠢᠷ ᠤᠨ ᠬᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠠᠷ | ᠭᠤᠤᠯᠯᠠᠬᠴᠢ ᠪᠠᠨ ᠬᠠᠮᠠᠭᠠᠯᠠᠬᠤ ᠪᠠ ᠲᠦᠪ ᠬᠤᠷᠢᠶ᠎ᠠ ᠲᠠᠢ ᠨᠢᠭᠡᠳᠦᠯᠳᠡᠢ ᠪᠠᠶᠢᠬᠤ ᠴᠢᠬᠤᠯᠠ ᠶᠡᠭᠡ ᠰᠢᠯᠭᠠᠯᠳᠠ ᠪᠤᠯᠤᠨ | ᠪᠤᠳᠠᠳᠠᠢ ᠪᠠᠶᠢᠴᠠᠭᠠᠯᠲᠠ ᠪᠤᠯᠭᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠤᠯᠤᠰ ᠲᠦᠷᠦ ᠶᠢᠨ | ᠬᠠᠷᠢᠭᠤᠴᠠᠯᠭ᠎ᠠ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠳᠤ ᠪᠠᠳᠤ | ᠴᠢᠩᠭ᠎ᠠ ᠪᠠᠳᠤᠯᠠᠭ᠎ᠠ ᠬᠠᠩᠭᠠᠬᠤ ᠬᠡᠷᠡᠭᠳᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠠ ᠭᠠᠵᠠᠷ | ᠤᠷᠤᠨ ᠡᠯ᠎ᠠ ᠰᠠᠯᠠᠭ᠎ᠠ ᠮᠦᠴᠢᠷ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠤ᠂ ᠡᠯ᠎ᠠ | ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ ᠬᠠᠷᠢᠭᠤᠴᠠᠯᠭᠠᠳᠠᠨ | ᠨᠦᠬᠦᠳ ᠨᠢᠭᠡᠳᠦᠭᠡᠷ ᠬᠠᠷᠢᠭᠤᠴᠠᠯᠭᠠᠳᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠤ᠂ ᠡᠯ᠎ᠠ | ᠲᠠᠭᠠᠭᠤᠯᠤᠬᠴᠢ ᠰᠠᠯᠠᠭ᠎ᠠ ᠮᠦᠴᠢᠷ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠡᠭᠦᠷᠭᠡᠯᠡᠨ ᠢᠳᠡᠪᠬᠢᠳᠡᠢ | ᠠᠵᠢᠯᠯᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ | ᠨᠢᠬᠳᠠ ᠵᠤᠬᠢᠴᠠᠯᠳᠤᠵᠤ᠂ ᠦᠪᠡᠷᠳᠡᠭᠡᠨ ᠵᠠᠰᠬᠠᠤ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠵᠤᠬᠢᠴᠠᠭᠤᠯᠬᠤ | ᠳᠤᠭᠤᠶᠢᠯᠠᠩ ᠡᠯ᠎ᠠ ᠭᠠᠵᠠᠷ ᠤᠷᠤᠨ ᠡᠯ᠎ᠡ ᠰᠠᠯᠠᠭ᠎ᠠ ᠮᠦᠴᠢᠷ ᠯᠦᠭᠡ ᠬᠠᠷᠢᠯᠴᠠᠵᠤ ᠤᠯᠤᠯᠴᠠᠬᠤ ᠪᠠᠨ ᠴᠢᠩᠭᠠᠳᠬᠠᠵᠤ᠂ | ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ | ᠦᠭᠡᠷᠡᠴᠢᠯᠡᠯᠳᠡ ᠶᠢᠨ ᠠᠵᠢᠯ ᠢ ᠲᠠᠷᠤᠯᠳᠠ ᠦᠭᠴᠤ ᠠᠬᠢᠭᠤᠯᠬᠤ᠂ ᠬᠠᠷᠢᠯᠴᠠᠨ ᠵᠤᠯᠭᠠᠯᠴᠠᠭᠤᠯᠬᠤ᠂ ᠡᠮᠬᠢ | ᠵᠢᠷᠤᠮ ᠲᠠᠢ ᠦᠷᠨᠢᠭᠦᠯᠭᠦ ᠶᠢ ᠪᠠᠳᠤᠯᠠᠬᠤ ᠬᠡᠷᠡᠭᠳᠡᠢ᠃ ᠤᠷᠢᠳᠡᠪᠡᠷ ᠪᠠᠶᠢᠭᠤᠯᠤᠨ ᠲᠠᠷᠠᠭ᠎ᠠ ᠨᠢ ᠡᠪᠳᠡᠭᠦ᠂ ᠪᠠᠶᠢᠭᠤᠯᠬᠤ | ᠦᠭᠡᠢ ᠡᠪᠳᠡᠭᠦ ᠦᠭᠡᠢ ᠪᠠᠶᠢᠬᠤ ᠶᠡᠷᠦᠩᠬᠡᠢ ᠵᠠᠷᠴᠢᠮ ᠢ ᠨᠢᠮᠪᠠᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠪᠦᠬᠦ | ᠲᠠᠯ᠎ᠠ ᠪᠠᠷ ᠲᠤᠭᠤᠰᠢᠯᠠᠭᠤᠯᠤᠨ᠂ ᠪᠦᠬᠦᠨ ᠢ ᠵᠢᠷᠤᠮᠯᠡᠵᠤ᠂ ᠵᠤᠬᠢᠶᠠᠨ ᠪᠠᠶᠢᠭᠤᠯᠤᠯᠲᠠ ᠲᠠᠢ᠂ ᠰᠠᠬᠢᠯᠭ᠎ᠠ ᠪᠠᠳᠤ ᠲᠠᠢ᠂ | ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠪᠠᠶᠢᠭᠤᠯᠤᠮᠵᠢ ᠶᠢᠨ | ᠲᠤᠬᠢᠷᠠᠭᠤᠯᠤᠯᠳᠠ ᠶᠢ ᠡᠨᠡ ᠵᠢᠯ ᠤᠨ ᠡᠴᠤᠰ ᠪᠤᠯᠳᠠᠯ᠎ᠠ ᠦᠨᠳᠦᠰᠦᠨ ᠳᠤ ᠪᠠᠨ ᠲᠠᠭᠤᠰᠠᠬᠬᠤ ᠶᠢ ᠪᠠᠳᠤᠯᠠᠵᠤ᠂ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ | ᠡᠭᠦᠷᠭᠡ ᠶᠢ ᠢᠷᠡᠭᠦ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠤᠯᠳᠠᠯ᠎ᠠ ᠦᠨᠳᠦᠰᠦᠨ ᠳᠡᠭᠡᠨ ᠲᠠᠭᠤᠰᠬᠠᠬᠤ ᠬᠡᠷᠡᠭᠳᠡᠢ᠃ | ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠵᠦᠪ ᠲᠠᠯ᠎ᠠ ᠶᠢᠨ ᠤᠬᠠᠭᠤᠯᠭ᠎ᠠ ᠪᠤᠯᠤᠨ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠰᠠᠶᠢᠲᠤᠷ ᠬᠢᠵᠤ᠂ ᠦᠭᠡᠷᠡᠴᠢᠯᠡᠯᠳᠡ ᠳᠤ ᠨᠡᠩ ᠠᠰᠢᠬᠳᠠᠢ ᠪᠠᠶᠢᠬᠤ ᠰᠠᠶᠢᠨ | ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠬᠤ ᠬᠡᠷᠡᠭᠳᠡᠢ᠃ ᠰᠠᠬᠢᠯᠭ᠎ᠠ ᠪᠠᠳᠤ ᠶᠤᠰᠤ ᠲᠦᠷᠢᠮ ᠢ ᠴᠢᠩᠳᠠᠯᠠᠵᠤ᠂ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠤᠯᠤᠰ ᠲᠦᠷᠦ ᠶᠢᠨ ᠰᠠᠬᠢᠯᠭ᠎ᠠ ᠪᠠᠳᠤ᠂ ᠵᠤᠬᠢᠶᠠᠨ ᠪᠠᠶᠢᠭᠤᠯᠤᠯᠲᠠ ᠶᠢᠨ | ᠰᠠᠬᠢᠯᠭ᠎ᠠ ᠪᠠᠳᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠰᠠᠬᠢᠯᠭ᠎ᠠ ᠪᠠᠳᠤ᠂ ᠺᠠᠳ᠋ᠷ ᠠᠵᠢᠯᠳᠠᠨ ᠤ ᠶᠠᠪᠤᠳᠠᠯ ᠤᠨ | ᠰᠠᠬᠢᠯᠭ᠎ᠠ ᠪᠠᠳᠤ᠂ ᠡᠳ᠋ ᠤᠨ ᠵᠠᠰᠠᠭ ᠤᠨ ᠰᠠᠬᠢᠯᠭ᠎ᠠ ᠪᠠᠳᠤ ᠪᠠ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠳᠤ ᠶᠢ | ᠴᠢᠩᠭ᠎ᠠ ᠬᠡᠷᠡᠭᠵᠢᠭᠦᠯᠵᠤ᠂ ᠦᠨᠡᠯᠡᠭᠦ ᠪᠤᠯᠤᠨ ᠬᠢᠨᠠᠯᠳᠠ ᠲᠠᠯᠪᠢᠬᠤ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠤ᠂ | ᠬᠢᠨᠠᠯᠳᠠ ᠲᠠᠯᠪᠢᠬᠤ ᠪᠠ ᠰᠠᠬᠢᠯᠭ᠎ᠠ ᠪᠠᠳᠤ ᠶᠢ ᠬᠡᠷᠡᠭᠵᠢᠭᠦᠯᠭᠦ ᠳᠤ ᠬᠠᠷᠢᠭᠤᠴᠠᠯᠭ᠎ᠠ ᠲᠤᠯᠭᠠᠬᠤ ᠪᠠᠨ ᠴᠢᠩᠭᠠᠳᠬᠠᠵᠤ᠂ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠶᠠᠪᠤᠴᠠ ᠳᠠᠬᠢ ᠰᠠᠬᠢᠯᠭ᠎ᠠ ᠪᠠᠳᠤ ᠶᠢ ᠵᠦᠷᠢᠴᠡᠵᠤ ᠲᠤᠬᠳᠠᠭᠠᠯ ᠠᠴᠠ | ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠭᠦ ᠬᠡᠷᠡᠭᠳᠡᠢ ᠭᠡᠵᠡᠢ᠃ | ᠪᠦᠬᠦᠳᠡ ᠬᠤᠷᠠᠯ ᠠᠴᠠ ᠵᠢᠭᠠᠭᠰᠠᠨ ᠨᠢ᠂ ᠡᠨᠡ ᠵᠢᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠳᠡ ᠶᠢᠨ ᠵᠢᠯ ᠪᠠ ᠦᠭᠡᠷᠡᠴᠢᠯᠡᠯᠳᠡ ᠨᠡᠭᠡᠭᠡᠯᠳᠡ ᠶᠢᠨ | 40 ᠵᠢᠯ ᠤᠨ ᠤᠢ ᠪᠤᠯᠤᠨ᠎ᠠ᠂ ᠪᠦᠬᠦ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠨᠢᠭᠡᠨᠳᠡ ᠪᠤᠳᠠᠳᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠳᠠᠬᠤ ᠱᠠᠳᠤᠨ ᠳᠤ ᠤᠷᠤᠵᠠᠢ᠂ ᠪᠠᠶᠢᠭᠤᠯᠤᠮᠵᠢ ᠶᠢᠨ ᠦᠭᠡᠷᠡᠴᠢᠯᠡᠯᠳᠡ ᠪᠠ | ᠤᠳᠤᠬᠠᠨ ᠤ ᠠᠵᠢᠯ ᠢ ᠡᠷᠬᠡᠪᠰᠢ ᠨᠢᠭᠡᠳᠦᠯᠳᠡᠢ ᠲᠦᠯᠦᠪᠵᠢᠭᠦᠯᠦᠨ ᠰᠠᠶᠢᠲᠤᠷ ᠬᠢᠭᠦ ᠬᠡᠷᠡᠭᠳᠡᠢ᠃ ᠡᠯ᠎ᠠ ᠭᠠᠵᠠᠷ ᠤᠷᠤᠨ | ᠡᠯ᠎ᠠ ᠰᠠᠯᠠᠭ᠎ᠠ ᠮᠦᠴᠢᠷ ᠡᠷᠴᠢ ᠵᠤᠷᠢᠭ ᠢᠶᠠᠨ ᠬᠦᠪᠴᠢᠯᠡᠵᠤ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠬᠦ ᠠᠵᠠ ᠲᠤᠬᠢᠶᠠᠯ ᠢ ᠡᠵᠡᠮᠳᠡᠨ᠂ ᠨᠡᠩ ᠤᠷᠬᠢᠯᠤᠮ᠎ᠠ ᠬᠠᠯᠠᠭᠤᠨ ᠰᠡᠳᠬᠢᠯᠭᠡ ᠪᠠ ᠨᠡᠩ ᠬᠦᠴᠦᠳᠠᠢ | ᠠᠷᠭ᠎ᠠ ᠠᠪᠴᠠᠯ᠂ ᠨᠡᠩ ᠪᠤᠳᠠᠳᠠᠢ ᠶᠢ ᠡᠷᠬᠢᠮᠯᠡᠬᠦ ᠰᠤᠷᠳᠠᠯ ᠢᠶᠠᠷ ᠠᠵᠤ ᠠᠬᠤᠢ ᠶᠢᠨ ᠲᠤᠬᠳᠠᠭᠤᠨ ᠪᠦᠭᠡᠳ | ᠡᠷᠡᠭᠦᠯ ᠢᠶᠠᠷ ᠬᠦᠭᠵᠢᠭᠦ ᠶᠢ ᠪᠦᠬᠦ ᠬᠦᠴᠦᠨ ᠢᠶᠠᠷ ᠴᠢᠷᠮᠠᠶᠢᠨ ᠪᠠᠳᠤᠯᠠᠵᠤ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠢ ᠯᠠᠪᠳᠠᠭᠤᠨ ᠪᠠᠳᠤᠳᠠᠢ ᠪᠦᠳᠦᠮᠵᠢᠳᠡᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠭᠦ ᠪᠤᠳᠠᠳᠤ ᠶᠠᠪᠤᠳᠠᠯ ᠢ ᠰᠡᠳᠭᠢᠯ ᠲᠠᠯᠪᠢᠨ ᠬᠦᠴᠦ ᠤᠷᠤᠭᠤᠯᠤᠨ ᠰᠠᠶᠢᠲᠤᠷ ᠬᠢᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠬᠠᠤ ᠠᠵᠢᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ ᠬᠦᠭᠵᠢᠭᠦᠯᠵᠤ᠂ | ᠪᠠᠶᠢᠭᠤᠯᠤᠮᠵᠢ ᠶᠢᠨ ᠦᠭᠡᠷᠡᠴᠢᠯᠡᠯᠳᠡ ᠪᠠ ᠡᠳᠦᠷ ᠲᠤᠳᠤᠮ ᠤᠨ ᠠᠵᠢᠯ ᠬᠤᠶᠠᠷ ᠢ ᠦᠯᠦ ᠰᠠᠭᠠᠳᠠᠭᠠᠵᠤ᠂ ᠬᠤᠶᠠᠷ ᠢ | ᠠᠬᠢᠭᠤᠯᠬᠤ ᠶᠢ ᠪᠠᠳᠤᠯᠠᠵᠤ᠂ ᠪᠦᠬᠦ ᠵᠢᠯ ᠤᠨ ᠡᠯ᠎ᠠ ᠵᠦᠢᠯ ᠤᠨ ᠬᠠᠷᠠᠯᠳᠠ ᠡᠭᠦᠷᠭᠡ ᠪᠠᠨ ᠴᠢᠷᠮᠠᠶᠢᠨ ᠪᠡᠶᠡᠯᠡᠭᠦᠯᠭᠦ | ᠬᠡᠷᠡᠭᠳᠡᠢ ᠭᠡᠵᠡᠢ᠃ | ᠪᠦᠬᠦᠳᠡ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠯᠢᠦ | ᠵᠦᠩ ᠴᠧᠩ ᠨᠦᠬᠦᠷ ᠤᠨ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠭᠰᠡᠨ ᠠᠰᠠᠭᠤᠳᠠᠯ ᠤᠨ ᠲᠤᠬᠠᠢ ᠬᠢᠨᠠᠨ | ᠪᠠᠶᠢᠴᠠᠭᠠᠭᠰᠠᠨ ᠮᠡᠳᠡᠭᠦᠯᠦᠯᠳᠡ ᠶᠢ ᠬᠢᠨᠠᠨ ᠵᠦᠪᠯᠡᠵᠤ ᠪᠠᠳᠤᠯᠠᠨ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠡᠮᠦᠨ᠎ᠠ ᠯᠢᠦ ᠵᠦᠩ ᠴᠧᠩ ᠨᠦᠬᠦᠷ ᠲᠤ ᠦᠭᠭᠦᠭᠰᠡᠨ | ᠨᠠᠮ ᠤᠨ ᠲᠤᠳᠤᠭᠠᠳᠦ ᠶᠢᠨ ᠲᠤᠰᠢᠶᠠᠯ ᠠᠴᠠ ᠨᠢ ᠤᠬᠴᠠᠷᠠᠭᠤᠯᠬᠤ ᠰᠢᠳᠭᠡᠯ ᠢ ᠨᠤᠳᠠᠯᠠᠵᠠᠢ᠃ ᠪᠦᠬᠦᠳᠡ | ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ | ᠤᠨ ᠬᠡᠰᠢᠭᠦᠨ ᠺᠠᠳ᠋ᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ | ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ | ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠡᠯ᠎ᠠ ᠵᠦᠢᠯ | ᠤᠨ ᠡᠭᠦᠷᠭᠡ ᠶᠢ ᠡᠷᠡᠰ ᠪᠡᠶᠡᠯᠡᠭᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠪᠠ ᠨᠠᠮ ᠤᠨ ᠪᠠᠶᠢᠭᠤᠯᠤᠯᠲᠠ ᠶᠢᠨ | ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ | ᠪᠦᠯᠬᠦᠮᠳᠡᠨ ᠲᠡᠮᠡᠴᠡᠵᠤ᠂ ᠴᠤᠴᠠᠯᠳᠠ ᠦᠭᠡᠢ ᠤᠷᠤᠬᠰᠢᠯᠠᠵᠤ᠂ ᠪᠤᠳᠠᠳᠤ ᠠᠵᠢᠯᠯᠠᠭ᠎ᠠ ᠪᠤᠯᠤᠨ ᠦᠷ᠎ᠠ | ᠪᠦᠳᠦᠮᠵᠢ ᠪᠠᠷ ᠢᠶᠠᠨ ᠦᠭᠡᠷᠡᠴᠢᠯᠡᠯᠳᠡ ᠨᠡᠭᠡᠭᠡᠯᠳᠡ ᠶᠢᠨ 40 ᠵᠢᠯ ᠤᠨ ᠤᠢ ᠳᠤ ᠪᠡᠯᠡᠭ ᠪᠠᠷᠢᠵᠤ᠂ ᠦᠵᠡᠰᠭᠦᠯᠡᠩᠳᠦ | ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ | ᠲᠡᠷᠬᠡᠯᠰᠢᠭᠦᠯᠭᠦ ᠳᠤ ᠰᠢᠨ᠎ᠠ ᠨᠡᠩ ᠶᠡᠭᠡ ᠬᠤᠪᠢ ᠨᠡᠮᠡᠷᠢ ᠪᠠᠨ ᠦᠵᠡᠭᠦᠯᠦᠶ᠎ᠡ ᠬᠡᠵᠤ ᠤᠷᠢᠶᠠᠯᠠᠵᠠᠢ᠃ |