ᠠᠷᠠᠳ ᠤᠨ ᠪᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠶᠢ ᠳᠡᠮᠵᠢᠬᠦ ᠪᠠᠭᠠᠵᠢ ᠳᠤ ᠨᠠᠷᠢᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/10/29
     ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ  ᠬᠦᠴᠢᠷᠲᠡᠢ ᠪᠠᠶᠢᠳᠠᠯ ᠢ ᠨᠠᠮᠳᠠᠭᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠡᠮᠦᠨᠡᠬᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠶᠢ ᠳᠡᠮᠵᠢᠬᠦ ᠪᠠᠭᠠᠵᠢ ᠲᠣᠬᠢᠷᠠᠭᠤᠯᠬᠤ ᠪᠠᠷ ᠲᠣᠭᠲᠠᠭᠠᠪᠠ᠃ ᠡᠨᠡ ᠬᠦ ᠳᠡᠮᠵᠢᠯᠭᠡ ᠶᠢᠨ ᠪᠠᠭᠠᠵᠢ ᠶᠢ ᠬᠡᠷᠡᠭᠵᠢᠭᠦᠯᠦᠭᠰᠡᠨ ᠠᠬᠤᠢ ᠪᠠᠶᠢᠳᠠᠯ᠂ ᠬᠡᠷᠬᠢᠨ ᠬᠠᠮᠢᠶᠠᠷᠬᠤ ᠪᠠ ᠠᠵᠢᠯᠯᠠᠭᠤᠯᠬᠤ᠂ ᠶᠠᠮᠠᠷ ᠶᠠᠮᠠᠷ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠬᠦ  ᠵᠡᠷᠭᠡ  ᠠᠰᠠᠭᠤᠳᠠᠯ ᠎ ᠤᠨ  ᠲᠤᠬᠠᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠡᠳ᠋ ᠳᠠᠷᠤᠭ᠎ᠠ ᠹᠠᠨ ᠭᠦᠩ ᠱᠧᠩ 26᠎ ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠠᠴᠠ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠵᠤᠷᠰᠢᠯᠲᠤ ᠮᠡᠳᠡᠭᠡᠯᠡᠯ ᠤᠨ ᠬᠤᠷᠠᠯ ᠳᠡᠭᠡᠷ᠎ᠡ᠂ ᠨᠢᠭᠡ ᠨᠢᠭᠡ ᠪᠠᠷ ᠲᠠᠶᠢᠯᠤᠮᠵᠢ ᠬᠢᠪᠡ᠃      ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠢᠶᠠᠷ ᠰᠢᠪᠲᠤᠯᠤᠯᠲᠠ ᠪᠣᠯᠭᠠᠵᠤ ᠵᠠᠬ᠎ᠠ ᠳᠡᠯᠭᠡᠭᠦᠷ ᠤᠨ ︽ᠬᠤᠨᠢᠨ ᠰᠦᠷᠦᠭ ᠤᠨ ᠦᠷ᠎ᠡ ᠨᠥᠯᠥᠭᠡ︾᠎ ᠶᠢ ᠵᠠᠰᠠᠨ ᠵᠠᠯᠠᠷᠠᠭᠤᠯᠪᠠ      ᠹᠠᠨ ᠭᠦᠩ ᠱᠧᠩ ᠢᠯᠡᠷᠬᠡᠶᠢᠯᠡᠬᠦ ᠳᠤ ᠪᠠᠨ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠣᠯᠪᠠᠴᠤ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠵᠦᠢᠯ ᠤᠨ ᠬᠦᠴᠦᠨ ᠵᠦᠢᠯ ᠤᠨ ᠶᠡᠷᠦᠩᠬᠡᠢ ᠨᠥᠯᠥᠭᠡᠯᠡᠯ ᠳᠣᠣᠷ᠎ᠠ᠂ ᠵᠠᠷᠢᠮ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠭᠡᠷ᠎ᠡ ᠠᠴᠠ ᠵᠥᠷᠢᠴᠡᠵᠦ ᠪᠠᠶᠢᠭ᠎ᠠ ᠬᠡᠷᠡᠭ ᠢᠷᠯᠡᠵᠦ ᠪᠠᠶᠢᠨ᠎ᠠ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠷᠠᠳ ᠠᠴᠠ ᠡᠵᠡᠩᠨᠡᠭᠰᠡᠨ ᠪᠠ ᠵᠢᠵᠢᠭ ᠪᠢᠴᠢᠯ ᠠᠵᠤ ᠠᠬᠤᠶᠢᠯᠠᠯ ᠤᠨ ᠲᠦᠭᠰᠢᠭᠦᠷᠢ ᠳᠠᠬᠢ ᠲᠠᠭᠠᠰᠢᠶᠠᠯ ᠨᠢ ᠨᠢᠭᠡ ᠬᠡᠮᠵᠢᠶ᠎ᠡ ᠪᠠᠷ ᠪᠠᠭᠤᠷᠠᠵᠤ᠂ ᠵᠣᠬᠢᠬᠤ ᠬᠡᠮᠵᠢᠶᠡᠨ ᠤ ︽ᠬᠤᠨᠢᠨ ᠰᠦᠷᠦᠭ ᠤᠨ ᠦᠷ᠎ᠡ ᠨᠥᠯᠥᠭᠡ ︾ ᠢᠯᠡᠷᠡᠵᠦ᠂ ᠡᠵᠡᠩᠨᠡᠯᠲᠡ ᠨᠢ ᠬᠡᠪ ᠤᠨ ᠪᠠᠶᠢᠳᠠᠯ ᠳᠤ ᠪᠠᠶᠢᠭ᠎ᠠ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠴᠤ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠳᠠᠯ ᠳᠤ ᠲᠤᠯᠭᠠᠷᠠᠭᠤᠯᠪᠠ ᠭᠡᠵᠡᠢ᠃      ︽ᠳᠠᠩ ᠴᠤᠯᠭᠤᠢ ᠵᠠᠬ᠎ᠠ ᠳᠡᠯᠭᠡᠭᠦᠷ ᠤᠨ ᠬᠦᠴᠦᠨ ᠳᠤ ᠲᠦᠰᠢᠭᠯᠡᠵᠦ ᠥᠪᠡᠷ ᠢ ᠪᠠᠨ ᠵᠠᠰᠠᠨ ᠵᠠᠯᠠᠷᠠᠭᠤᠯᠬᠤ ᠎ ᠨᠢ᠂ ᠣᠬᠤᠷᠬᠠᠨ ᠬᠤᠭᠤᠴᠠᠭᠠᠨ ᠳᠣᠲᠣᠷ᠎ᠠ ᠦᠷ᠎ᠡ ᠪᠦᠲᠦᠮᠵᠢ ᠭᠠᠷᠭᠠᠬᠤ ᠳᠤ ᠬᠦᠴᠢᠷᠲᠡᠢ ᠪᠠᠶᠢᠵᠤ ᠮᠡᠳᠡᠨ᠎ᠡ᠂ ᠡᠶᠢᠮᠦ ᠠᠴᠠ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠶᠢᠨ ᠤᠬᠠᠭᠠᠯᠢᠭ ᠪᠤᠰᠤ ᠵᠢᠱᠢᠯᠲᠡ ᠪᠠ ᠦᠢᠯᠡ ᠠᠵᠢᠯᠯᠠᠭ᠎ᠠ ᠳᠤ ᠬᠥᠲᠥᠯᠥᠨ ᠵᠢᠯᠣᠭᠤᠳᠤᠯᠭ᠎ᠠ ᠬᠢᠬᠦ ᠴᠢᠬᠤᠯᠠᠲᠠᠢ︾ ᠭᠡᠵᠦ ᠫᠠᠨ ᠭᠦᠩ ᠱᠧᠩ ᠲᠠᠨᠢᠯᠴᠠᠭᠤᠯᠬᠤ ᠳᠤ ᠪᠠᠨ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠢᠯᠡ ᠲᠣᠳᠣᠷᠬᠠᠢ ᠮᠥᠷᠲᠡᠭᠡᠨ ᠳᠠᠮᠵᠢᠭᠤᠯᠤᠨ ᠵᠢᠯᠣᠭᠤᠳᠬᠤ ᠬᠦᠴᠦᠨ ᠢᠶᠠᠷ ᠴᠢᠩᠭ᠎ᠠ ᠣᠨᠴᠠᠯᠢᠭ ᠪᠠᠶᠢᠵᠤ᠂ ᠵᠢᠭᠡᠯᠡᠯᠭᠡ ᠶᠢᠨ ᠵᠠᠬ᠎ᠠ ᠳᠡᠯᠭᠡᠭᠦᠷ ᠢ ᠰᠣᠩᠭᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠭᠡ ᠶᠢᠨ ᠲᠡᠮᠳᠡᠭᠲᠦ ᠲᠠᠷᠬᠠᠭᠠᠵᠤ ᠪᠡᠯᠡ ᠲᠣᠬᠢᠷᠠᠭᠤᠯᠬᠤ ᠶᠢ ᠳᠡᠮᠵᠢᠬᠦ ᠨᠢ᠂ ᠵᠠᠬ᠎ᠠ ᠳᠡᠯᠭᠡᠭᠦᠷ ᠤᠨ ᠵᠢᠱᠢᠯᠲᠡ ᠶᠢ ᠰᠠᠶᠢᠵᠢᠷᠠᠭᠤᠯᠵᠤ᠂ ᠪᠡᠯᠡ ᠣᠷᠣᠭᠤᠯᠤᠭᠴᠢ ᠶᠢᠨ ᠢᠲᠡᠭᠡᠯ ᠵᠣᠷᠢᠭ ᠢ ᠰᠡᠳᠦᠨ ᠬᠥᠭᠵᠢᠭᠡᠬᠦ ᠳᠤ ᠢᠳᠡᠪᠬᠢᠲᠡᠢ ᠠᠴᠢ ᠬᠤᠯᠪᠣᠭᠳᠠᠯ ᠲᠠᠢ ᠪᠠᠶᠢᠳᠠᠭ ᠭᠡᠵᠡᠢ᠃      22᠎ ᠤᠨ ᠡᠳᠦᠷ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠎ ᠶᠢᠨ  ᠬᠤᠷᠠᠯ ᠎ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠪᠠᠭᠠᠵᠢ ᠲᠣᠬᠢᠷᠠᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠳᠠᠯ ᠢ ᠬᠠᠪᠰᠤᠷᠤᠨ ᠨᠠᠮᠳᠠᠭᠠᠬᠤ ᠪᠠᠷ ᠲᠣᠭᠲᠠᠭᠠᠵᠠᠢ᠃      ᠫᠠᠨ ᠭᠦᠩ ᠱᠧᠩ ᠢᠯᠡᠷᠬᠡᠶᠢᠯᠡᠬᠦ ᠳᠤ ᠪᠠᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠪᠠᠭᠠᠵᠢ ᠶᠢ ᠲᠣᠬᠢᠷᠠᠭᠤᠯᠬᠤ ᠨᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠦᠭᠰᠢᠭᠦᠷᠢ ᠶᠢᠨ ᠲᠠᠭᠠᠰᠢᠶᠠᠯ ᠪᠠ ᠪᠡᠯᠡ ᠲᠣᠬᠢᠷᠠᠭᠤᠯᠬᠤ ᠠᠭᠤᠷ ᠠᠮᠢᠰᠬᠤᠯ ᠢ ᠰᠠᠶᠢᠵᠢᠷᠠᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠢᠯᠡᠷᠡᠭᠰᠡᠨ ︽ᠬᠤᠨᠢᠨ ᠰᠦᠷᠦᠭ ᠤᠨ ᠦᠷ᠎ᠡ ᠨᠥᠯᠥᠭᠡ︾ ᠪᠠ ᠤᠬᠠᠭᠠᠯᠢᠭ ᠪᠤᠰᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠪᠠᠭᠤᠷᠠᠭᠤᠯᠬᠤ ᠶᠢᠨ ᠬᠠᠮᠲᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ᠂ ᠢᠲᠡᠭᠡᠮᠵᠢᠲᠦ ᠵᠢᠭᠡᠯᠡᠯᠭᠡ ᠶᠢᠨ ᠪᠡᠯᠡ ᠲᠣᠬᠢᠷᠠᠭᠤᠯᠤᠯᠲᠠ ᠵᠡᠷᠭᠡ ᠪᠤᠰᠤᠳ ᠪᠡᠯᠡ ᠲᠣᠬᠢᠷᠠᠭᠤᠯᠬᠤ ᠠᠷᠭ᠎ᠠ ᠵᠠᠮ ᠢ ᠵᠠᠰᠠᠨ ᠰᠡᠷᠭᠦᠭᠡᠬᠦ ᠶᠢ ᠳᠠᠶᠢᠴᠢᠯᠠᠬᠤ ᠳᠤ ᠠᠰᠢᠭᠲᠠᠢ ᠪᠠᠶᠢᠳᠠᠭ ᠭᠡᠵᠡᠢ᠃      ᠪᠦᠷᠢᠮᠦᠰᠦᠨ ᠵᠠᠬ᠎ᠠ ᠳᠡᠯᠭᠡᠭᠦᠷᠴᠢᠯᠡᠬᠦ ᠠᠵᠢᠯᠯᠠᠭᠠᠨ ᠶᠠᠪᠤᠭᠤᠯᠵᠤ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ      ᠲᠠᠨᠢᠯᠴᠠᠭᠤᠯᠤᠭᠰᠠᠨ ᠢ ᠦᠨᠳᠦᠰᠦᠯᠡᠪᠡᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠶᠢ ᠳᠡᠮᠵᠢᠬᠦ ᠪᠠᠭᠠᠵᠢ ᠶᠢ ᠠᠷᠠᠳ ᠤᠨ ᠪᠠᠩᠬᠢ ᠠᠴᠠ ᠳᠠᠬᠢᠵᠤ ᠵᠢᠭᠡᠯᠡᠯᠭᠡ ᠵᠢᠭᠡᠯᠡᠵᠦ ᠪᠠᠶᠢᠭᠠᠳ ᠠᠩᠬ᠎ᠠ ᠡᠬᠢᠯᠡᠬᠦ ᠦᠶ᠎ᠡ ᠶᠢᠨ ᠬᠡᠰᠡᠭ ᠪᠡᠯᠡ ᠮᠥᠩᠭᠦ ᠶᠢ ᠬᠠᠩᠭᠠᠵᠤ᠂ ᠲᠤᠰᠬᠠᠢ ᠮᠡᠷᠭᠡᠵᠢᠯ ᠤᠨ ᠪᠠᠶᠢᠭᠤᠯᠤᠮᠵᠢ ᠠᠴᠠ ᠵᠠᠬ᠎ᠠ ᠳᠡᠯᠭᠡᠭᠦᠷᠴᠢᠯᠡᠬᠦ ᠠᠵᠢᠯᠯᠠᠭᠠᠨ ᠶᠠᠪᠤᠭᠤᠯᠵᠤ᠂ ᠢᠲᠡᠭᠡᠮᠵᠢ ᠶᠢᠨ ᠲᠦᠭᠰᠢᠭᠦᠷᠢ ᠶᠢ ᠨᠠᠮᠳᠠᠭᠠᠬᠤ ᠪᠠᠭᠠᠵᠢ ᠬᠤᠳᠠᠯᠳᠤᠬᠤ᠂ ᠳᠠᠭᠠᠭᠠᠯᠲᠠ ᠬᠢᠵᠦ ᠪᠠᠶᠢᠭᠠᠳ ᠢᠲᠡᠭᠡᠮᠵᠢ ᠪᠠᠨ ᠨᠡᠮᠡᠭᠳᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠵᠡᠩᠨᠡᠯᠲᠡ ᠨᠢ ᠬᠡᠪ ᠤᠨ ᠪᠠᠶᠢᠳᠠᠯ ᠲᠠᠢ᠂ ᠰᠢᠯᠵᠢᠯᠲᠡ ᠶᠢᠨ ᠴᠢᠨᠠᠷ ᠎ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠢᠲᠡᠭᠡᠮᠵᠢ ᠶᠢ ᠨᠢ ᠨᠡᠮᠡᠭᠳᠡᠭᠦᠯᠬᠦ ᠳᠡᠮᠵᠢᠯᠭᠡ ᠬᠠᠩᠭᠠᠨ᠎ᠠ᠃      ᠬᠡᠳᠦᠶᠢᠪᠡᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠶᠢ ᠳᠡᠮᠵᠢᠬᠦ ᠪᠠᠭᠠᠵᠢ ᠨᠢ ᠵᠣᠩᠬᠢᠯᠠᠬᠤ ᠣᠯᠠᠨ ᠲᠣᠭᠠᠨ ᠤ ᠬᠥᠮᠥᠨ ᠳᠤ ᠠᠪᠴᠤ ᠬᠡᠯᠡᠪᠡᠯ ᠨᠡᠯᠢᠶᠡᠳ ᠲᠠᠨᠢᠯ ᠲᠠᠰᠤᠯ ᠪᠤᠰᠤ ᠪᠣᠯᠪᠠᠴᠤ᠂ ᠬᠠᠮᠢᠶ᠎ᠠ ᠪᠦᠬᠦᠢ ᠨᠡᠷᠡᠳᠬᠦᠨ ᠨᠢ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠤ ᠨᠢᠭᠡᠨᠲᠡ ᠣᠯᠠᠨ ᠵᠢᠯ ᠣᠷᠣᠰᠢᠭᠰᠠᠭᠠᠷ ᠢᠷᠡᠪᠡ᠃      ᠫᠠᠨ ᠭᠦᠩ ᠱᠧᠩ ᠢᠯᠡᠷᠬᠡᠶᠢᠯᠡᠭᠰᠡᠨ ᠨᠢ᠂ ᠠᠵᠢᠯᠯᠠᠭᠤᠯᠬᠤ ᠲᠠᠯ᠎ᠠ ᠪᠠᠷ᠂ ᠲᠥᠪ ᠤᠨ ᠪᠠᠩᠬᠢ ᠶᠢᠨ ᠡᠬᠢᠨ ᠤ ᠬᠤᠭᠤᠴᠠᠭᠠᠨ ᠳᠤ ᠰᠣᠩᠭᠤᠭᠰᠠᠨ ᠲᠤᠰᠬᠠᠢ ᠪᠠᠶᠢᠭᠤᠯᠤᠮᠵᠢ ᠪᠣᠯ ᠳᠤᠮᠳᠠᠳᠤ ᠤᠯᠤᠰ ᠤᠨ ᠵᠢᠭᠡᠯᠡᠯᠭᠡ ᠶᠢᠨ ᠢᠲᠡᠭᠡᠮᠵᠢ ᠶᠢ ᠨᠡᠮᠡᠭᠳᠡᠭᠦᠯᠦᠨ ᠠᠬᠢᠭᠤᠯᠬᠤ ᠪᠡᠯᠡ ᠣᠷᠣᠭᠤᠯᠤᠭᠰᠠᠨ ᠬᠤᠪᠢᠴᠠᠭᠠᠳᠤ ᠬᠠᠷᠢᠭᠤᠴᠠᠯᠭᠠᠲᠤ ᠺᠣᠮᠫᠠᠨᠢ ᠪᠣᠯᠣᠨ᠎ᠠ᠃ ︽ᠡᠨᠡ ᠬᠦ ᠪᠠᠶᠢᠭᠤᠯᠤᠮᠵᠢ ᠨᠢ ᠪᠠᠶᠢᠭᠤᠯᠤᠭᠳᠠᠭᠠᠳ ᠨᠢᠭᠡᠨᠲᠡ ᠠᠷᠪᠠᠨ ᠵᠢᠯ ᠪᠣᠯᠵᠤ᠂ ᠣᠳᠣᠬᠠᠨ ᠤ ᠳᠤᠮᠳᠠᠳᠤ ᠤᠯᠤᠰ ᠤᠨ ᠢᠲᠡᠭᠡᠮᠵᠢ ᠶᠢᠨ ᠲᠦᠭᠰᠢᠭᠦᠷᠢ ᠶᠢ ᠨᠠᠮᠳᠠᠭᠠᠬᠤ ᠪᠠᠭᠠᠵᠢ ᠶᠢᠨ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ ᠶᠢᠨ ᠲᠤᠭ᠎ᠠ ᠨᠢ ᠬᠠᠮᠤᠭ ᠤᠨ ᠶᠡᠭᠡ ᠪᠠᠶᠢᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢ ᠨᠡᠮᠡᠭᠳᠡᠭᠦᠯᠦᠨ ᠠᠬᠢᠭᠤᠯᠬᠤ ᠪᠠ ᠲᠦᠭᠰᠢᠭᠦᠷᠢ ᠶᠢᠨ ᠬᠠᠮᠢᠶᠠᠷᠤᠯᠲᠠ ᠶᠢᠨ ᠲᠠᠯ᠎ᠠ ᠪᠠᠷ ᠨᠡᠯᠢᠶᠡᠳ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠵᠤ᠂ ᠢᠲᠡᠭᠡᠮᠵᠢ ᠶᠢᠨ ᠲᠦᠭᠰᠢᠭᠦᠷᠢ ᠶᠢ ᠢᠯᠭᠠᠨ ᠲᠠᠨᠢᠬᠤ᠂ ᠬᠠᠮᠢᠶᠠᠷᠬᠤ ᠪᠠ ᠡᠵᠡᠮᠳᠡᠬᠦ ᠲᠠᠯ᠎ᠠ ᠪᠠᠷ ᠨᠡᠯᠢᠶᠡᠳ ᠴᠢᠩᠭ᠎ᠠ ᠴᠢᠳᠠᠪᠤᠷᠢ ᠲᠠᠢ ᠪᠠᠶᠢᠳᠠᠭ︾ ᠭᠡᠵᠡᠢ᠃      ᠳᠤᠮᠳᠠᠳᠤ ᠤᠯᠤᠰ ᠤᠨ ᠵᠢᠭᠡᠯᠡᠯᠭᠡ ᠶᠢᠨ ᠢᠲᠡᠭᠡᠮᠵᠢ ᠶᠢ ᠨᠡᠮᠡᠭᠳᠡᠭᠦᠯᠬᠦ ᠺᠣᠮᠫᠠᠨᠢ ᠠᠴᠠ ᠭᠠᠳᠠᠨ᠎ᠠ᠂ ᠲᠥᠪ ᠤᠨ ᠪᠠᠩᠬᠢ ᠠᠴᠠ ᠪᠠᠰᠠ ᠪᠤᠰᠤᠳ ᠲᠤᠰᠬᠠᠢ ᠪᠠᠶᠢᠭᠤᠯᠤᠮᠵᠢ ᠶᠢ ᠰᠣᠩᠭᠤᠨ ᠣᠷᠣᠯᠴᠠᠭᠤᠯᠬᠤ ᠪᠠᠷ ᠶᠠᠭ ᠰᠠᠶᠢᠬᠠᠨ ᠰᠤᠳᠤᠯᠤᠯᠲᠠ ᠬᠢᠵᠦ᠂ ᠬᠤᠳᠠᠯᠳᠤᠭᠠᠨ ᠤ ᠪᠠᠩᠬᠢ᠂ ᠦᠨᠡᠲᠦ ᠴᠠᠭᠠᠰᠤᠨ ᠤ ᠺᠣᠮᠫᠠᠨᠢ᠂ ᠳᠠᠭᠠᠳᠬᠠᠯ ᠤᠨ ᠺᠣᠮᠫᠠᠨᠢ ᠵᠢᠴᠢ ᠪᠤᠰᠤᠳ ᠢᠲᠡᠭᠡᠮᠵᠢ ᠶᠢ ᠨᠡᠮᠡᠭᠳᠡᠭᠦᠯᠬᠦ ᠺᠣᠮᠫᠠᠨᠢ ᠵᠡᠷᠭᠡ ᠬᠤᠳᠠᠯᠳᠤᠭᠠᠨ ᠤ ᠪᠠᠶᠢᠭᠤᠯᠤᠮᠵᠢ ᠶᠢᠨ ᠡᠶᠢᠮᠦᠷᠬᠦᠦ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠵᠣᠷᠢᠭᠵᠢᠭᠤᠯᠵᠤ ᠪᠠᠶᠢᠨ᠎ᠠ᠃      ᠫᠠᠨ ᠭᠦᠩ ᠱᠧᠩ ᠲᠠᠨᠢᠯᠴᠠᠭᠤᠯᠬᠤ ᠳᠤ ᠪᠠᠨ᠂ ᠠᠵᠤ ᠠᠬᠤᠶᠢᠯᠠᠯ ᠢ ᠰᠣᠩᠭᠤᠬᠤ ᠲᠠᠯ᠎ᠠ ᠪᠠᠷ᠂ ᠬᠡᠷᠡᠭᠵᠢᠭᠦᠯᠬᠦ ᠪᠠᠶᠢᠭᠤᠯᠤᠮᠵᠢ ᠠᠴᠠ ᠡᠵᠡᠨ ᠮᠡᠳᠡᠵᠦ ᠲᠣᠭᠲᠠᠭᠠᠬᠤ ᠠᠴᠠ ᠪᠢᠰᠢ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠨᠡᠷᠡᠰ ᠢ ᠲᠣᠭᠲᠠᠭᠠᠳᠠᠭ ᠦᠭᠡᠢ᠃ ᠬᠡᠷᠡᠭᠵᠢᠭᠦᠯᠬᠦ ᠪᠠᠶᠢᠭᠤᠯᠤᠮᠵᠢ ᠠᠴᠠ ᠶᠡᠭᠡ ᠲᠣᠭᠠᠨ ᠳᠤ ᠰᠠᠭᠤᠷᠢᠯᠠᠨ ᠨᠣᠷᠮ᠎ᠠ ᠶᠢ ᠲᠣᠭᠲᠠᠭᠠᠵᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠭᠴᠢ ᠶᠢᠨ ᠭᠡᠷ᠎ᠡ ᠶᠢ ᠵᠥᠷᠢᠴᠡᠭᠰᠡᠨ ᠲᠣᠬᠢᠶᠠᠯᠳᠤᠮᠵᠢ ᠳᠤ ᠴᠢᠩᠭ᠎ᠠ ᠨᠠᠷᠢᠨ ᠲᠣᠭᠠᠴᠠᠯᠲᠠ ᠬᠢᠵᠦ᠂ ᠳᠠᠬᠢᠨ ᠢᠲᠡᠭᠡᠮᠵᠢ ᠶᠢᠨ ᠲᠦᠭᠰᠢᠭᠦᠷᠢ ᠶᠢ ᠨᠠᠮᠳᠠᠭᠠᠬᠤ ᠪᠠᠭᠠᠵᠢ ᠶᠢᠨ ᠪᠣᠯᠣᠮᠵᠢᠲᠤ ᠦᠨ᠎ᠡ ᠶᠢ ᠲᠣᠭᠲᠠᠭᠠᠬᠤ ᠪᠠᠶᠢᠷᠢ ᠶᠢᠨ ᠵᠠᠢ ᠲᠠᠢ ᠤᠶᠠᠯᠳᠤᠭᠤᠯᠤᠨ᠂ ᠲᠦᠭᠰᠢᠭᠦᠷᠢ ᠶᠢᠨ ᠠᠰᠢᠭ ᠣᠷᠣᠯᠭ᠎ᠠ ᠶᠢᠨ ᠵᠠᠭᠪᠤᠷ ᠢᠶᠠᠷ ᠳᠠᠮᠵᠢᠭᠤᠯᠤᠨ ᠠᠰᠢᠭ ᠤᠨ ᠬᠤᠬᠢᠷᠠᠯ ᠤᠨ ᠪᠠᠶᠢᠳᠠᠯ ᠢ ᠰᠢᠨᠵᠢᠯᠡᠨ ᠪᠣᠳᠣᠵᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠳᠤ ᠳᠡᠮᠵᠢᠯᠭᠡ ᠬᠠᠩᠭᠠᠬᠤ ᠡᠰᠡᠬᠦ ᠶᠢ ᠮᠠᠭᠠᠳᠯᠠᠨ᠎ᠠ᠃ ᠨᠡᠷᠡᠳᠬᠦᠨ ᠢ ᠲᠠᠷᠬᠠᠭᠠᠬᠤ ᠳᠤ ᠢᠯᠡ ᠪᠠᠷ ᠰᠲ᠋ᠣᠺ ᠲᠠᠷᠬᠠᠭᠠᠨ ᠲᠠᠨᠢᠯᠴᠠᠭᠤᠯᠬᠤ᠂ ᠲᠡᠮᠳᠡᠭᠯᠡᠨ ᠳᠠᠩᠰᠠ ᠡᠪᠬᠡᠮᠡᠯ ᠪᠠᠶᠢᠭᠤᠯᠬᠤ ᠵᠡᠷᠭᠡ ᠵᠠᠬ᠎ᠠ ᠳᠡᠯᠭᠡᠭᠦᠷᠴᠢᠯᠬᠦ ᠶᠠᠪᠤᠴᠠ ᠪᠠᠷ ᠳᠠᠮᠵᠢᠭᠤᠯᠤᠨ ᠲᠠᠷᠬᠠᠭᠠᠯᠲᠠ ᠶᠢᠨ ᠦᠨ᠎ᠡ ᠬᠠᠩᠰᠢ ᠪᠠᠨ ᠲᠣᠭᠲᠠᠭᠠᠬᠤ ᠬᠡᠷᠡᠭᠲᠡᠢ ᠭᠡᠵᠡᠢ᠃      ᠪᠦᠷᠢᠮᠦᠰᠦᠨ ᠵᠠᠬ᠎ᠠ ᠳᠡᠯᠭᠡᠭᠦᠷᠴᠢᠯᠬᠦ ᠠᠵᠢᠯᠯᠠᠭᠠᠨ ᠶᠠᠪᠤᠭᠤᠯᠬᠤ ᠶᠢᠨ ᠬᠠᠮᠲᠤ᠂ ᠫᠠᠨ ᠭᠦᠩ ᠱᠧᠩ ᠴᠢᠬᠤᠯᠠᠴᠢᠯᠠᠬᠤ ᠳᠤ ᠪᠠᠨ ᠲᠦᠭᠰᠢᠭᠦᠷᠢ ᠶᠢᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠪᠠᠭᠠᠵᠢ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠢ ᠪᠦᠲᠦᠮᠵᠢᠲᠡᠢ ᠤᠷᠮᠠᠰᠢᠭᠤᠯᠤᠨ ᠬᠢᠵᠠᠭᠠᠷᠯᠠᠬᠤ ᠲᠣᠬᠢᠷᠠᠭᠤᠯᠤᠯᠲᠠ ᠪᠠ ᠲᠦᠭᠰᠢᠭᠦᠷᠢ ᠶᠢ ᠬᠠᠮᠲᠤ ᠳᠤ ᠪᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠬᠤᠳᠠᠯᠳᠤᠭᠠᠨ ᠤ ᠪᠠᠩᠬᠢ᠂ ᠣᠷᠣᠨ ᠨᠤᠲᠤᠭ ᠤᠨ ᠢᠲᠡᠭᠡᠮᠵᠢ ᠶᠢ ᠨᠡᠮᠡᠭᠳᠡᠭᠦᠯᠬᠦ ᠪᠠᠶᠢᠭᠤᠯᠤᠮᠵᠢ ᠵᠡᠷᠭᠡ ᠶᠢ ᠵᠣᠷᠢᠭᠵᠢᠭᠤᠯᠤᠨ ᠢᠲᠡᠭᠡᠮᠵᠢ ᠶᠢᠨ ᠲᠦᠭᠰᠢᠭᠦᠷᠢ ᠶᠢ ᠨᠠᠮᠳᠠᠭᠠᠬᠤ ᠨᠡᠷᠡᠳᠬᠦᠨ ᠤ ᠬᠤᠯᠪᠣᠭᠠᠯᠠᠨ ᠲᠠᠷᠠᠭᠠᠬᠤ  ᠴᠣᠭᠴᠠ ᠶᠢ  ᠪᠦᠷᠢᠯᠳᠦᠭᠦᠯᠬᠦ  ᠬᠡᠷᠡᠭᠲᠡᠢ  ᠭᠡᠵᠡᠢ᠃      ᠠᠩᠬ᠎ᠠ ᠡᠬᠢᠯᠡᠬᠦ ᠦᠶ᠎ᠡ ᠶᠢᠨ ᠪᠡᠯᠡ ᠮᠥᠩᠭᠦ ᠪᠤᠶᠤ ᠮᠢᠩᠭᠠᠨ ᠳ᠋ᠦᠩᠰᠢᠭᠤᠷ ᠲᠥᠭᠦᠷᠢᠭ ᠢ ᠳᠠᠶᠢᠴᠢᠯᠠᠨ ᠭᠦᠢᠯᠭᠡᠭᠡᠬᠦ ᠬᠡᠪᠴᠢᠶ᠎ᠡ ᠪᠠᠷ᠂ ᠠᠵᠢᠯ ᠲᠥᠷᠥᠯ ᠤᠨ ᠳᠡᠮᠵᠢᠯᠭᠡ ᠣᠯᠬᠤ ᠳᠤ ᠬᠦᠴᠢᠷᠲᠡᠢ ᠪᠠᠶᠢᠳᠠᠯ ᠢ ᠬᠢᠵᠠᠭᠠᠷᠯᠠᠨ᠎ᠠ      ᠠᠯᠢ ᠠᠯᠢ ᠠᠵᠤ ᠠᠬᠤᠶᠢᠯᠠᠯ ᠨᠢ ᠤᠷᠢᠳ ᠢᠶᠠᠷ ᠠᠰᠢᠭ ᠬᠦᠷᠲᠡᠬᠦ ᠪᠣᠢ︖ ᠡᠭᠦᠨ ᠳᠤ᠂ ᠫᠠᠨ ᠭᠦᠩ ᠱᠧᠩ ᠢᠯᠡᠷᠬᠡᠶᠢᠯᠡᠬᠦ ᠳᠤ ᠪᠠᠨ᠂ ᠳᠡᠮᠵᠢᠯᠭᠡ ᠶᠢᠨ ᠪᠠᠭᠠᠵᠢ ᠶᠢᠨ ᠠᠵᠤ ᠠᠬᠤᠶᠢᠯᠠᠯ ᠤᠨ ᠰᠣᠩᠭᠤᠯᠲᠠ ᠶᠢᠨ ᠲᠠᠯ᠎ᠠ ᠪᠠᠷ ᠵᠣᠬᠢᠬᠤ ᠬᠠᠷᠠᠯᠲᠠ ᠬᠠᠨᠳᠤᠰᠢ ᠲᠠᠢ ᠪᠠᠶᠢᠵᠤ᠂ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠣᠯᠪᠠᠴᠤ ᠵᠠᠬ᠎ᠠ ᠳᠡᠯᠭᠡᠭᠦᠷ ᠲᠠᠢ᠂ ᠠᠯᠤᠰ ᠢᠷᠡᠭᠡᠳᠦᠢ ᠲᠠᠢ᠂ ᠮᠡᠷᠭᠡᠵᠢᠯ ᠨᠢ ᠥᠷᠢᠰᠦᠯᠳᠦᠭᠡᠨ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠪᠠᠷ ᠳᠡᠮᠵᠢᠨ᠎ᠡ ᠭᠡᠵᠡᠢ᠃      ︽ᠪᠣᠳᠠᠲᠠᠢ ᠪᠠᠷ ᠠᠯᠢ ᠠᠯᠢ ᠠᠵᠤ ᠠᠬᠤᠶᠢᠯᠠᠯ ᠨᠢ ᠳᠡᠮᠵᠢᠯᠭᠡ ᠣᠯᠵᠤ ᠪᠣᠯᠬᠤ ᠪᠣᠢ ᠭᠡᠳᠡᠭ ᠢ ᠳᠤᠮᠳᠠᠳᠤ ᠤᠯᠤᠰ ᠤᠨ ᠵᠢᠭᠡᠯᠡᠯᠭᠡ ᠶᠢᠨ ᠢᠲᠡᠭᠡᠮᠵᠢ ᠶᠢ ᠨᠡᠮᠡᠭᠳᠡᠭᠦᠯᠬᠦ᠂ ᠬᠤᠳᠠᠯᠳᠤᠭᠠᠨ ᠤ ᠪᠠᠩᠬᠢ᠂ ᠣᠷᠣᠨ ᠨᠤᠲᠤᠭ ᠤᠨ ᠢᠲᠡᠭᠡᠮᠵᠢ ᠶᠢ ᠨᠡᠮᠡᠭᠳᠡᠭᠦᠯᠬᠦ ᠺᠣᠮᠫᠠᠨᠢ ᠵᠡᠷᠭᠡ ᠲᠤᠰᠬᠠᠢ ᠪᠠᠶᠢᠭᠤᠯᠤᠮᠵᠢ ᠠᠴᠠ ᠦᠨᠡᠯᠡᠨ ᠵᠢᠱᠢᠵᠦ ᠮᠠᠭᠠᠳᠯᠠᠨ᠎ᠠ᠃ ᠭᠡᠲᠡᠯ᠎ᠡ ᠤᠯᠤᠰ ᠤᠨ ᠵᠠᠷᠢᠮ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠠᠵᠢᠯ ᠲᠥᠷᠥᠯ ᠢ ᠬᠢᠵᠠᠭᠠᠷᠯᠠᠵᠤ ᠪᠠᠶᠢᠭ᠎ᠠ ᠠᠵᠤ ᠠᠬᠤᠶᠢᠯᠠᠯ ᠢ ᠡᠩ ᠤᠨ ᠪᠠᠶᠢᠳᠠᠯ ᠳᠤ ᠠᠪᠴᠤ ᠬᠡᠯᠡᠪᠡᠯ ᠳᠡᠮᠵᠢᠬᠦ ᠨᠠᠷᠢᠨ ᠬᠠᠭᠤᠳᠠᠰᠤᠨ ᠳᠤ ᠣᠷᠣᠭᠤᠯᠵᠤ ᠪᠣᠯᠬᠤ ᠦᠭᠡᠢ ᠪᠠᠶᠢᠳᠠᠭ︾ ᠭᠡᠵᠦ ᠫᠠᠨ ᠭᠦᠩ ᠱᠧᠩ ᠢᠯᠡᠷᠬᠡᠶᠢᠯᠡᠬᠦ ᠳᠤ ᠪᠠᠨ᠂ ᠠᠵᠤ ᠠᠬᠤᠶᠢᠯᠠᠯ ᠤᠨ ᠰᠣᠩᠭᠤᠯᠲᠠ ᠶᠢᠨ ᠲᠠᠯ᠎ᠠ ᠪᠠᠷ᠂ ᠬᠡᠷᠡᠭᠵᠢᠭᠦᠯᠬᠦ ᠪᠠᠶᠢᠭᠤᠯᠤᠮᠵᠢ ᠠᠴᠠ ᠪᠦᠷᠢᠮᠦᠰᠦᠨ ᠥᠪᠡᠰᠦᠪᠡᠨ ᠦᠨᠡᠯᠡᠨ ᠵᠢᠱᠢᠵᠦ᠂ ᠥᠪᠡᠰᠦᠪᠡᠨ ᠰᠣᠩᠭᠤᠯᠲᠠ ᠬᠢᠵᠦ᠂ ᠬᠠᠷᠠᠭᠠᠯᠵᠠᠭᠰᠠᠨ ᠦᠨ᠎ᠡ ᠬᠠᠩᠰᠢ ᠪᠠ ᠲᠦᠭᠰᠢᠭᠦᠷᠢ ᠶᠢ ᠲᠣᠬᠢᠷᠠᠯᠴᠠᠭᠤᠯᠤᠨ᠎ᠠ ᠭᠡᠵᠡᠢ᠃      ᠳᠡᠮᠵᠢᠯᠭᠡ ᠶᠢᠨ ᠪᠠᠭᠠᠵᠢ ᠶᠢᠨ ᠬᠡᠴᠢᠨᠡᠨ ᠶᠡᠭᠡ ᠬᠡᠪᠴᠢᠶ᠎ᠡ ᠪᠣᠯᠣᠨ ᠪᠦᠷᠢᠯᠳᠦᠵᠦ ᠴᠢᠳᠠᠬᠤ ᠲᠤᠬᠠᠢ᠂ ᠫᠠᠨ ᠭᠦᠩ ᠱᠧᠩ ᠲᠠᠨᠢᠯᠴᠠᠭᠤᠯᠬᠤ ᠳᠤ ᠪᠠᠨ᠂ ᠬᠡᠷᠪᠡ ᠲᠥᠪ ᠤᠨ ᠪᠠᠩᠬᠢ ᠠᠴᠠ ᠡᠬᠢᠨ ᠤ ᠬᠤᠭᠤᠴᠠᠭᠠᠨ ᠳᠤ ᠬᠠᠩᠭᠠᠭᠰᠠᠨ ᠠᠩᠬ᠎ᠠ ᠡᠬᠢᠯᠡᠬᠦ ᠦᠶ᠎ᠡ ᠶᠢᠨ ᠪᠡᠯᠡ ᠮᠥᠩᠭᠦ ᠨᠢ ᠪᠠᠷᠤᠭ 100 ᠳ᠋ᠦᠩᠰᠢᠭᠤᠷ ᠲᠥᠭᠦᠷᠢᠭ ᠪᠠᠶᠢᠵᠤ᠂ 1᠄ 8᠎ ᠶᠢᠨ ᠬᠥᠰᠢᠭᠦᠷᠭᠡ ᠶᠢᠨ ᠬᠠᠷᠢᠴᠠᠯ ᠢᠶᠠᠷ ᠲᠥᠰᠥᠭᠡᠯᠡᠵᠦ ᠰᠢᠨᠵᠢᠯᠡᠨ ᠪᠣᠳᠣᠪᠠᠯ᠂ ᠳᠡᠮᠵᠢᠯᠭᠡ ᠶᠢᠨ ᠪᠠᠭᠠᠵᠢ ᠨᠢ 800 ᠳ᠋ᠦᠩᠰᠢᠭᠤᠷ ᠲᠥᠭᠦᠷᠢᠭ ᠤᠨ ᠬᠡᠪᠴᠢᠶ᠎ᠡ ᠪᠣᠯᠣᠨ ᠪᠦᠷᠢᠯᠳᠦᠵᠦ ᠴᠢᠳᠠᠨ᠎ᠠ ᠭᠡᠵᠡᠢ᠃      ᠡᠭᠦᠨ ᠤ ᠬᠠᠮᠲᠤ᠂ ᠳᠤᠮᠳᠠᠳᠤ ᠤᠯᠤᠰ ᠤᠨ ᠵᠢᠭᠡᠯᠡᠯᠭᠡ ᠶᠢᠨ ᠢᠲᠡᠭᠡᠮᠵᠢ ᠶᠢ ᠨᠡᠮᠡᠭᠳᠡᠭᠦᠯᠬᠦ ᠪᠠ ᠪᠤᠰᠤᠳ ᠵᠠᠬ᠎ᠠ ᠳᠡᠯᠭᠡᠭᠦᠷ ᠤᠨ ᠪᠠᠶᠢᠭᠤᠯᠤᠮᠵᠢ᠂ ᠵᠢᠱᠢᠶᠡᠯᠡᠪᠡᠯ ᠵᠢᠭᠡᠯᠡᠯᠭᠡ ᠶᠢᠨ ᠲᠡᠮᠳᠡᠭᠲᠦ ᠶᠢᠨ ᠭᠤᠣᠯᠯᠠᠨ ᠡᠷᠬᠢᠯᠡᠵᠦ ᠪᠣᠷᠣᠯᠠᠭᠤᠯᠬᠤ ᠬᠤᠳᠠᠯᠳᠤᠭᠠᠴᠢᠨ᠂ ᠣᠷᠣᠨ ᠨᠤᠲᠤᠭ ᠤᠨ ᠬᠤᠳᠠᠯᠳᠤᠭᠠᠨ ᠤ ᠪᠠᠩᠬᠢ᠂ ᠣᠷᠣᠨ ᠨᠤᠲᠤᠭ ᠤᠨ ᠢᠲᠡᠭᠡᠮᠵᠢ ᠶᠢ ᠨᠡᠮᠡᠭᠳᠡᠭᠦᠯᠬᠦ ᠺᠣᠮᠫᠠᠨᠢ᠂ ᠳᠠᠭᠠᠳᠬᠠᠯ ᠤᠨ ᠺᠣᠮᠫᠠᠨᠢ ᠵᠡᠷᠭᠡ ᠪᠠᠷ ᠨᠡᠷᠡᠳᠬᠦᠨ ᠢ ᠲᠠᠷᠬᠠᠭᠠᠬᠤ ᠬᠤᠯᠪᠣᠭᠠᠲᠤ ᠴᠣᠭᠴᠠ ᠶᠢ ᠪᠦᠷᠢᠯᠳᠦᠭᠦᠯᠪᠡᠯ᠂ ᠮᠥᠨ ᠬᠦ ᠵᠣᠬᠢᠬᠤ ᠬᠡᠪᠴᠢᠶ᠎ᠡ ᠶᠢ ᠪᠦᠷᠢᠯᠳᠦᠭᠦᠯᠵᠦ ᠴᠢᠳᠠᠨ᠎ᠠ᠃      ︽ᠪᠤᠰᠤᠳ ᠭᠤᠣᠯ ᠴᠣᠭᠴᠠ ᠴᠤ ᠡᠨᠡ ᠬᠦ ᠬᠠᠷᠢᠴᠠᠯ ᠶᠣᠰᠣᠭᠠᠷ᠂ 800 ᠳ᠋ᠦᠩᠰᠢᠭᠤᠷ ᠲᠥᠭᠦᠷᠢᠭ ᠤᠨ ᠬᠡᠪᠴᠢᠶ᠎ᠡ ᠬᠠᠩᠭᠠᠬᠤ ᠪᠠᠷ ᠲᠥᠰᠥᠭᠡᠯᠡᠪᠡᠯ᠂ 1600 ᠳ᠋ᠦᠩᠰᠢᠭᠤᠷ ᠲᠥᠭᠦᠷᠢᠭ ᠤᠨ ᠬᠡᠪᠴᠢᠶ᠎ᠡ ᠪᠦᠷᠢᠯᠳᠦᠬᠦ ᠪᠣᠯᠣᠯᠴᠠᠭ᠎ᠠ ᠲᠠᠢ︾ ᠭᠡᠵᠦ ᠫᠠᠨ ᠭᠦᠩ ᠱᠧᠩ ᠲᠠᠨᠢᠯᠴᠠᠭᠤᠯᠬᠤ ᠳᠤ ᠪᠠᠨ᠂ ᠲᠥᠪ ᠤᠨ ᠪᠠᠩᠬᠢ ᠠᠴᠠ ᠡᠨᠡ ᠬᠦ ᠬᠡᠪᠴᠢᠶ᠎ᠡ ᠶᠢᠨ ᠣᠳᠣᠬᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠭᠤᠷ ᠠᠮᠢᠰᠬᠤᠯ ᠳᠠᠬᠢ ᠰᠠᠶᠢᠵᠢᠷᠠᠭᠤᠯᠬᠤ ᠦᠷ᠎ᠡ ᠪᠦᠲᠦᠮᠵᠢ ᠶᠢ ᠠᠵᠢᠭᠯᠠᠨ ᠰᠢᠨᠵᠢᠬᠦ ᠪᠠ ᠦᠨᠡᠯᠡᠨ ᠵᠢᠱᠢᠵᠦ᠂ ᠵᠠᠬ᠎ᠠ ᠳᠡᠯᠭᠡᠭᠦᠷ ᠤᠨ ᠬᠤᠪᠢᠷᠠᠯᠲᠠ ᠶᠢ ᠦᠨᠳᠦᠰᠦᠯᠡᠨ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠡᠰᠡᠬᠦ ᠪᠠᠨ ᠲᠣᠭᠲᠠᠭᠠᠨ᠎ᠠ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ