【 ᠡᠷᠬᠡ ᠰᠦᠷᠲᠦ ᠲᠠᠶᠢᠯᠤᠮᠵᠢ 】 ᠪᠠᠶᠢᠭᠤᠯᠤᠮᠵᠢ ᠣᠷᠣᠨ ᠲᠣᠭᠠᠨ ᠤ ᠬᠠᠮᠢᠶᠠᠷᠤᠯᠲᠠ ᠳᠤ ᠳᠥᠷᠪᠡᠨ ᠵᠦᠢᠯ ᠤᠨ ︽ᠴᠢᠩᠭ᠎ᠠ ᠬᠥᠰᠢᠭᠦᠷᠭᠡ︾᠎ ᠶᠢ ᠡᠵᠡᠮᠳᠡᠬᠦ ᠬᠡᠷᠡᠭᠲᠡᠢ
ᠨᠡᠶᠢᠲᠡᠯᠡᠭᠰᠡᠨ ᠴᠠᠭ᠄
2018/10/29
     10 ᠳ᠋ᠤᠭᠠᠷ ᠰᠠᠷ᠎ᠠ ᠶᠢᠨ 26᠎ ᠤ ᠡᠳᠦᠷ ᠠᠴᠠ 27᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠬᠥᠬᠡᠬᠤᠲᠠ ᠳᠤ ᠬᠤᠷᠠᠯᠳᠤᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠬᠢᠨᠠᠨ ᠵᠥᠪᠯᠡᠵᠦ ᠪᠠᠲᠤᠯᠠᠪᠠ᠂ ᠲᠡᠭᠦᠨ ᠤ ᠳᠣᠲᠣᠷ᠎ᠠ᠂ ᠪᠠᠶᠢᠭᠤᠯᠤᠮᠵᠢ ᠣᠷᠣᠨ ᠲᠣᠭᠠᠨ ᠤ ᠰᠠᠬᠢᠯᠭ᠎ᠠ ᠪᠠᠲᠤ ᠶᠢ ᠴᠢᠩᠭᠠᠳᠬᠠᠵᠤ᠂ ᠬᠦᠴᠦᠯᠡᠴᠡ ᠶᠢᠨ ᠴᠢᠨᠠᠷᠲᠠᠢ ᠬᠢᠵᠠᠭᠠᠷᠯᠠᠯ ᠢ ᠴᠢᠩᠭᠠᠳᠬᠠᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃ᠪᠠᠶᠢᠭᠤᠯᠤᠮᠵᠢ ᠣᠷᠣᠨ ᠲᠣᠭᠠᠨ ᠤ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠨᠢᠭᠡᠳᠦᠯᠲᠡᠢ ᠤᠳᠤᠷᠢᠳᠤᠨ᠂ ᠱᠠᠲᠤ ᠬᠤᠪᠢᠶᠠᠨ ᠬᠠᠮᠢᠶᠠᠷᠬᠤ ᠪᠠᠶᠢᠭᠤᠯᠤᠯ ᠢ ᠴᠢᠩᠭ᠎ᠠ ᠬᠡᠷᠡᠭᠵᠢᠭᠦᠯᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠶᠢᠭᠤᠯᠤᠮᠵᠢ ᠣᠷᠣᠨ ᠲᠣᠭᠠᠨ ᠤ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠨᠡᠶᠢᠳᠡᠮ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠪᠠᠶᠢᠭᠤᠯᠤᠯ ᠲᠣᠭᠲᠠᠴᠠ ᠪᠠ ᠪᠠᠶᠢᠭᠤᠯᠤᠮᠵᠢ᠂ ᠡᠭᠦᠷᠭᠡ ᠴᠢᠳᠠᠪᠤᠷᠢ᠂ ᠣᠷᠣᠨ ᠲᠤᠭ᠎ᠠ᠂ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠵᠡᠷᠭᠡ ᠴᠢᠬᠤᠯᠠ ᠶᠡᠭᠡ ᠲᠣᠭᠲᠠᠭᠠᠯ ᠢ ᠲᠡᠷᠡ ᠶᠣᠰᠣᠭᠠᠷ ᠨᠢ ᠬᠡᠷᠡᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠤᠳ ᠤᠨ ︽ᠭᠤᠷᠪᠠ ᠶᠢ ᠲᠣᠭᠲᠠᠭᠠᠬᠤ︾ ︵ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠬᠤ᠂ ᠳᠣᠲᠣᠭᠠᠳᠤ ᠳᠤ ᠪᠠᠨ ᠲᠣᠬᠢᠷᠠᠭᠤᠯᠬᠤ ᠪᠠᠶᠢᠭᠤᠯᠤᠮᠵᠢ ᠶᠢ ᠲᠣᠭᠲᠠᠭᠠᠬᠤ᠂ ᠠᠵᠢᠯᠲᠠᠨ ᠤ ᠣᠷᠣᠨ ᠲᠤᠭ᠎ᠠ ᠶᠢ ᠲᠣᠭᠲᠠᠭᠠᠬᠤ︶ ᠲᠣᠭᠲᠠᠭᠠᠯ ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠡᠷᠡᠰ ᠬᠠᠮᠠᠭᠠᠯᠠᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠰᠠᠯᠠᠭ᠎ᠠ ᠮᠥᠴᠢᠷ ᠤᠳ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠲᠠᠢ ᠣᠷᠭᠠᠨᠢᠭ ᠢᠶᠠᠷ ᠵᠣᠯᠭᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠪᠠᠶᠢᠭᠤᠯᠤᠮᠵᠢ᠂ ᠣᠷᠣᠨ ᠲᠤᠭ᠎ᠠ ᠪᠠ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢᠨ ᠨᠡᠮᠡᠭᠳᠡᠯ ᠬᠠᠰᠤᠭᠳᠠᠯ ᠳᠤ ᠬᠤᠯᠪᠣᠭᠳᠠᠬᠤ ᠵᠦᠢᠯ ᠪᠦᠬᠦᠨ ᠳᠤ᠂ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠬᠢᠨᠠᠨ ᠬᠠᠷᠭᠤᠭᠤᠯᠬᠤ ᠬᠡᠷᠡᠭᠲᠡᠢ᠃ ᠬᠠᠮᠢᠶᠠᠷᠤᠯᠲᠠ ᠶᠢᠨ ᠪᠦᠬᠦ ᠶᠠᠪᠤᠴᠠ ᠳᠠᠬᠢ ᠪᠠᠶᠢᠭᠤᠯᠤᠮᠵᠢ ᠣᠷᠣᠨ ᠲᠣᠭᠠᠨ ᠤ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠶᠢᠭᠤᠯᠤᠮᠵᠢ ᠣᠷᠣᠨ ᠲᠤᠭ᠎ᠠ ᠶᠢᠨ ᠠᠵᠢᠯᠲᠠᠨ ᠤ ᠶᠠᠪᠤᠳᠠᠯ ᠢ ᠵᠣᠬᠢᠶᠠᠨ ᠪᠠᠶᠢᠭᠤᠯᠬᠤ᠂ ᠡᠳ᠋ ᠤᠨ ᠵᠠᠰᠠᠭ ᠤᠨ ᠲᠥᠰᠥᠪ ᠢ ᠬᠠᠮᠢᠶᠠᠷᠬᠤ ᠲᠠᠢ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠬᠤ ᠪᠠ ᠲᠡᠭᠦᠯᠳᠡᠷᠵᠢᠭᠦᠯᠵᠦ᠂ ᠠᠵᠢᠯᠲᠠᠨ ᠡᠯᠰᠡᠨ ᠬᠡᠷᠡᠭᠯᠡᠬᠦ᠂ ᠺᠠᠳ᠋ᠷ ᠲᠣᠬᠢᠷᠠᠭᠤᠯᠬᠤ᠃ ᠵᠠᠷᠤᠳᠠᠯ ᠢ ᠬᠠᠷᠭᠤᠭᠤᠯᠤᠨ ᠣᠯᠭᠤᠬᠤ ᠵᠡᠷᠭᠡ ᠳᠤ ᠪᠠᠶᠢᠭᠤᠯᠤᠮᠵᠢ ᠣᠷᠣᠨ ᠲᠤᠭ᠎ᠠ ᠪᠠᠷ ᠰᠠᠭᠤᠷᠢ ᠦᠨᠳᠦᠰᠦᠯᠡᠯ ᠪᠣᠯᠭᠠᠬᠤ ᠬᠡᠷᠡᠭᠲᠡᠢ᠃      ᠪᠠᠶᠢᠭᠤᠯᠤᠮᠵᠢ ᠣᠷᠣᠨ ᠲᠣᠭᠠᠨ ᠤ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠪᠠᠶᠢᠭᠤᠯᠤᠮᠵᠢ ᠶᠢᠨ ᠲᠣᠭᠠᠨ ᠤ ᠬᠢᠵᠠᠭᠠᠷ ᠢ ᠬᠡᠲᠦᠷᠡᠭᠦᠯᠦᠨ ᠪᠠᠶᠢᠭᠤᠯᠤᠮᠵᠢ ᠲᠣᠬᠢᠷᠠᠭᠤᠯᠬᠤ ᠪᠤᠶᠤ ᠬᠡᠯᠪᠡᠷᠢ ᠥᠭᠡᠷᠡᠲᠦᠭᠦᠯᠦᠨ ᠪᠠᠶᠢᠭᠤᠯᠤᠮᠵᠢ ᠶᠢ ᠨᠡᠮᠡᠭᠳᠡᠭᠦᠯᠵᠦ᠂ ᠪᠠᠶᠢᠭᠤᠯᠤᠮᠵᠢ ᠶᠢᠨ ᠨᠡᠷᠡᠶᠢᠳᠦᠯ᠂ ᠬᠡᠪ ᠪᠠᠷᠢᠮᠵᠢᠶ᠎ᠠ᠂ ᠰᠢᠨᠵᠢ ᠴᠢᠨᠠᠷ᠂ ᠡᠭᠦᠷᠭᠡ ᠬᠠᠷᠢᠭᠤᠴᠠᠯᠭ᠎ᠠ᠂ ᠡᠷᠬᠡ ᠶᠢᠨ ᠬᠢᠵᠠᠭᠠᠷᠯᠠᠯ ᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠲᠣᠭᠲᠠᠭᠠᠯ ᠠᠴᠠ ᠵᠥᠷᠢᠴᠡᠨ ᠣᠷᠣᠨ ᠲᠤᠭ᠎ᠠ ᠶᠢ ᠨᠡᠮᠡᠭᠳᠡᠭᠦᠯᠬᠦ ᠪᠤᠶᠤ ᠣᠷᠣᠨ ᠲᠣᠭᠠᠨ ᠤ ᠬᠢᠵᠠᠭᠠᠷᠯᠠᠯ ᠢ ᠳᠠᠪᠠᠭᠤᠯᠤᠨ ᠠᠵᠢᠯᠲᠠᠨ ᠡᠯᠰᠡᠨ ᠬᠡᠷᠡᠭᠯᠡᠬᠦ᠂ ᠲᠣᠬᠢᠷᠠᠭᠤᠯᠤᠨ ᠲᠣᠮᠢᠯᠠᠬᠤ ᠪᠠ ᠰᠢᠯᠵᠢᠭᠦᠯᠦᠨ ᠲᠣᠮᠢᠯᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠡᠷᠬᠡ ᠶᠢᠨ ᠬᠢᠵᠠᠭᠠᠷᠯᠠᠯ ᠠᠴᠠ ᠳᠠᠪᠠᠭᠤᠯᠤᠨ ᠪᠠᠶᠢᠭᠤᠯᠤᠮᠵᠢ᠂ ᠣᠷᠣᠨ ᠲᠣᠭᠠᠨ ᠤ ᠲᠥᠷᠥᠯ ᠵᠦᠢᠯ᠂ ᠣᠷᠣᠨ ᠲᠤᠭ᠎ᠠ ᠶᠢ ᠬᠢᠨᠠᠨ ᠵᠥᠪᠰᠢᠶᠡᠷᠡᠬᠦ ᠪᠤᠶᠤ ᠲᠣᠭᠲᠠᠭᠠᠯ ᠠᠴᠠ ᠵᠥᠷᠢᠴᠡᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ ᠬᠠᠷᠭᠤᠭᠤᠯᠤᠨ ᠲᠣᠭᠲᠠᠭᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠣᠷᠣᠨ ᠲᠤᠭ᠎ᠠ ᠠᠴᠠ ᠬᠡᠲᠦᠷᠡᠭᠦᠯᠦᠨ ᠠᠵᠢᠯᠲᠠᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠠᠵᠢᠯᠲᠠᠨ ᠤ ᠣᠷᠣᠨ ᠲᠤᠭ᠎ᠠ ᠶᠢ ᠬᠡᠶᠢᠰᠪᠦᠷᠢ ᠪᠠᠷ ᠮᠡᠳᠡᠭᠦᠯᠬᠦ ᠵᠡᠷᠭᠡ ᠠᠷᠭ᠎ᠠ ᠬᠡᠯᠪᠡᠷᠢ ᠪᠠᠷ ᠣᠷᠣᠨ ᠲᠤᠭ᠎ᠠ ᠶᠢ ᠡᠵᠡᠯᠡᠭᠦᠯᠬᠦ ᠶᠢᠨ ᠬᠠᠮᠲᠤ ᠡᠳ᠋ ᠤᠨ ᠵᠠᠰᠠᠭ ᠤᠨ ᠪᠡᠯᠡ ᠮᠥᠩᠭᠦ ᠶᠢ ᠬᠠᠭᠤᠷᠮᠠᠭᠯᠠᠨ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠲᠣᠭᠲᠠᠭᠠᠭᠰᠠᠨ ᠤᠳᠤᠷᠢᠳᠤᠯᠭ᠎ᠠ ᠶᠢᠨ ᠲᠤᠰᠢᠶᠠᠯ ᠤᠨ ᠨᠡᠷᠡᠶᠢᠳᠦᠯ᠂ ᠲᠣᠬᠢᠷᠠᠭᠤᠯᠬᠤ ᠬᠡᠪᠴᠢᠶ᠎ᠡ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ᠂ ᠲᠤᠭ᠎ᠠ ᠬᠡᠮᠵᠢᠶᠡᠨ ᠤ ᠪᠠᠷᠢᠮᠵᠢᠶ᠎ᠠ ᠠᠴᠠ ᠳᠠᠪᠠᠭᠤᠯᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ ᠬᠠᠷᠭᠤᠭᠤᠯᠤᠨ ᠲᠣᠭᠲᠠᠭᠠᠬᠤ ᠶᠢ ᠴᠢᠩᠭ᠎ᠠ ᠬᠢᠵᠠᠭᠠᠷᠯᠠᠵᠤ᠂ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠥᠴᠢᠷ ᠠᠴᠠ ᠬᠠᠷᠭᠤᠭᠤᠯᠤᠨ ᠲᠣᠭᠲᠠᠭᠠᠭᠰᠠᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠣᠰᠣᠭᠠᠷ ᠺᠠᠳ᠋ᠷ ᠢ ᠴᠢᠩᠭ᠎ᠠ ᠬᠤᠪᠢᠶᠠᠷᠢᠯᠠᠨ ᠲᠣᠬᠢᠷᠠᠭᠤᠯᠬᠤ ᠬᠡᠷᠡᠭᠲᠡᠢ᠃ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠬᠠᠤᠯᠢ ᠶᠣᠰᠣᠭᠠᠷ ᠬᠠᠮᠢᠶᠠᠷᠴᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃      ︽ᠵᠦᠢᠯ ᠪᠣᠯᠭᠠᠨ ᠳᠤ ᠭᠠᠷ ᠳᠦᠷᠦᠬᠦ︾᠎ ᠶᠢ ᠡᠷᠡᠰ ᠬᠤᠷᠢᠭᠯᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠲᠣᠳᠣᠷᠬᠠᠢ ᠲᠣᠭᠲᠠᠭᠠᠭᠰᠠᠨ ᠠᠴᠠ ᠭᠠᠳᠠᠨ᠎ᠠ᠂ ᠶᠠᠮᠠᠷᠪᠠ ᠰᠠᠯᠠᠭ᠎ᠠ ᠮᠥᠴᠢᠷ ᠭᠡᠳ ᠣᠷᠣᠨ ᠨᠤᠲᠤᠭ ᠢ ᠱᠠᠭᠠᠷᠳᠠᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠬᠠᠷᠠᠭᠠᠯᠵᠠᠭᠰᠠᠨ ᠪᠠᠶᠢᠭᠤᠯᠤᠮᠵᠢ ᠪᠠᠶᠢᠭᠤᠯᠵᠤ ᠪᠣᠯᠬᠤ ᠦᠭᠡᠢ᠂ ᠶᠠᠮᠠᠷᠪᠠ ᠬᠡᠯᠪᠡᠷᠢ ᠪᠠᠷ ᠳᠣᠣᠷᠠᠳᠤ ᠱᠠᠲᠤᠨ ᠤ ᠪᠠᠶᠢᠭᠤᠯᠤᠮᠵᠢ ᠣᠷᠣᠨ ᠲᠣᠭᠠᠨ ᠤ ᠵᠦᠢᠯᠡᠰ ᠲᠤ ᠭᠠᠷ ᠳᠦᠷᠦᠵᠦ ᠪᠣᠯᠬᠤ ᠦᠭᠡᠢ᠂ ᠳᠣᠣᠷᠠᠳᠤ ᠱᠠᠲᠤᠨ ᠤ ᠰᠠᠯᠠᠭ᠎ᠠ ᠮᠥᠴᠢᠷ ᠢ ᠱᠠᠭᠠᠷᠳᠠᠨ ᠲᠡᠭᠦᠨ ᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠷᠠᠭᠠᠯᠵᠠᠭᠰᠠᠨ ᠪᠠᠶᠢᠭᠤᠯᠤᠮᠵᠢ ᠲᠣᠬᠢᠷᠠᠭᠤᠯᠬᠤ ᠪᠤᠶᠤ ᠪᠠᠶᠢᠭᠤᠯᠤᠮᠵᠢ ᠶᠢᠨ ᠬᠡᠪ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠱᠠᠭᠠᠷᠳᠠᠵᠤ ᠪᠣᠯᠬᠤ ᠦᠭᠡᠢ᠂ ᠲᠡᠭᠦᠨ ᠤ ᠲᠤᠬᠠᠶᠢᠯᠠᠭᠰᠠᠨ ᠠᠵᠢᠯ ᠲᠠᠢ ᠬᠠᠷᠠᠭᠠᠯᠵᠠᠭᠰᠠᠨ ᠪᠠᠶᠢᠭᠤᠯᠤᠮᠵᠢ ᠲᠣᠬᠢᠷᠠᠭᠤᠯᠬᠤ ᠪᠤᠶᠤ ᠠᠵᠢᠯᠲᠠᠨ ᠤ ᠣᠷᠣᠨ ᠲᠤᠭ᠎ᠠ ᠶᠢ ᠨᠡᠮᠡᠭᠳᠡᠭᠦᠯᠬᠦ ᠪᠠᠷ ᠱᠠᠭᠠᠷᠳᠠᠵᠤ ᠪᠣᠯᠬᠤ ᠦᠭᠡᠢ᠃ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠪᠡᠯᠡ ᠮᠥᠩᠭᠦ ᠬᠤᠪᠢᠶᠠᠷᠢᠯᠠᠬᠤ᠂ ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ᠂ ᠦᠨᠡᠯᠡᠨ ᠬᠥᠬᠢᠭᠦᠯᠬᠦ ᠵᠡᠷᠭᠡ ᠠᠷᠭ᠎ᠠ ᠬᠡᠯᠪᠡᠷᠢ ᠪᠠᠷ ᠳᠣᠣᠷᠠᠳᠤ ᠱᠠᠲᠤᠨ ᠤ ᠪᠠᠶᠢᠭᠤᠯᠤᠮᠵᠢ ᠲᠣᠬᠢᠷᠠᠭᠤᠯᠬᠤ᠂ ᠡᠭᠦᠷᠭᠡ ᠴᠢᠳᠠᠪᠤᠷᠢ ᠲᠣᠬᠢᠷᠠᠭᠤᠯᠬᠤ ᠪᠠ ᠣᠷᠣᠨ ᠲᠤᠭ᠎ᠠ ᠬᠤᠪᠢᠶᠠᠷᠢᠯᠠᠬᠤ ᠳᠤ ᠭᠠᠷ ᠳᠦᠷᠦᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠪᠠ ᠴᠡᠭᠴᠡᠯᠡᠨ ᠵᠠᠰᠠᠬᠤ ᠬᠡᠷᠡᠭᠲᠡᠢ᠃ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠠᠢ ᠬᠤᠯᠪᠣᠭᠳᠠᠯ ᠪᠦᠬᠦᠢ ︽ᠵᠦᠢᠯ ᠪᠣᠯᠭᠠᠨ ᠳᠤ ᠭᠠᠷ ᠳᠦᠷᠦᠬᠦ︾ ᠠᠭᠤᠯᠭ᠎ᠠ ᠶᠢ ᠪᠦᠬᠦᠨ ᠢ ᠬᠦᠴᠦᠨ ᠦᠭᠡᠢ ᠪᠣᠯᠭᠠᠵᠤ᠂ ᠪᠠᠶᠢᠭᠤᠯᠤᠮᠵᠢ ᠣᠷᠣᠨ ᠲᠤᠭ᠎ᠠ ᠶᠢ ᠬᠢᠨᠠᠨ ᠵᠥᠪᠰᠢᠶᠡᠷᠡᠬᠦ ᠦᠨᠳᠦᠰᠦᠯᠡᠯ ᠪᠣᠯᠭᠠᠵᠤ ᠪᠣᠯᠬᠤ ᠦᠭᠡᠢ᠃      ᠪᠠᠶᠢᠭᠤᠯᠤᠮᠵᠢ ᠣᠷᠣᠨ ᠲᠣᠭᠠᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ᠂ ᠰᠠᠬᠢᠯᠭ᠎ᠠ ᠪᠠᠲᠤ ᠪᠠᠶᠢᠴᠠᠭᠠᠬᠤ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ᠂ ᠠᠵᠢᠯᠲᠠᠨ ᠤ ᠶᠠᠪᠤᠳᠠᠯ ᠢ ᠵᠣᠬᠢᠶᠠᠨ ᠪᠠᠶᠢᠭᠤᠯᠬᠤ᠂ ᠨᠠᠮ ᠤᠨ ᠬᠤᠷᠢᠶ᠎ᠠ ᠠᠴᠠ ᠰᠢᠮᠳᠠᠭᠤᠯᠤᠨ ᠪᠠᠶᠢᠴᠠᠭᠠᠬᠤ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠤᠨ ᠠᠵᠢᠯᠯᠠᠵᠤ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠪᠠᠶᠢᠳᠠᠯ ᠢ ᠮᠡᠳᠡᠭᠡᠯᠡᠨ ᠨᠡᠪᠲᠡᠷᠡᠭᠦᠯᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠴᠡᠭᠴᠡᠯᠡᠨ ᠵᠠᠰᠠᠵᠤ ᠬᠠᠷᠢᠭᠤ ᠲᠤᠰᠬᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠶᠢᠭᠤᠯᠤᠮᠵᠢ ᠣᠷᠣᠨ ᠲᠣᠭᠠᠨ ᠤ ᠠᠵᠢᠯ ᠤᠨ ᠪᠠᠶᠢᠳᠠᠯ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ᠂ ᠨᠠᠮ ᠤᠨ ᠬᠤᠷᠢᠶ᠎ᠠ ᠠᠴᠠ ᠰᠢᠮᠳᠠᠭᠤᠯᠤᠨ ᠪᠠᠶᠢᠴᠠᠭᠠᠬᠤ᠂ ᠠᠵᠢᠯᠲᠠᠨ ᠰᠣᠩᠭᠤᠨ ᠬᠡᠷᠡᠭᠯᠡᠬᠦ ᠢ ᠲᠤᠰᠬᠠᠢ ᠵᠦᠢᠯ ᠢᠶᠠᠷ ᠪᠠᠶᠢᠴᠠᠭᠠᠬᠤ᠂ ᠨᠠᠮ ᠵᠠᠰᠠᠭ ᠤᠨ ᠭᠤᠣᠯ ᠤᠳᠤᠷᠢᠳᠬᠤ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠵᠡᠷᠭᠡ ᠬᠢᠨᠠᠯᠲᠠ ᠲᠠᠯᠪᠢᠬᠤ ᠬᠡᠪᠴᠢᠶᠡᠨ ᠳᠤ ᠣᠷᠣᠭᠤᠯᠵᠤ᠂ ᠴᠢᠬᠤᠯᠠᠲᠠᠢ ᠦᠶ᠎ᠡ ᠳᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠤᠯᠪᠣᠭᠠᠯᠠᠵᠤ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ ᠬᠠᠮᠲᠤᠷᠠᠭᠰᠠᠨ ᠬᠦᠴᠦᠨ ᠢ ᠪᠠᠳᠠᠷᠠᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ