【 ᠡᠷᠬᠡ ᠰᠦᠷᠲᠦ ᠲᠠᠶᠢᠯᠤᠮᠵᠢ 】ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2018/10/29
     ᠵᠥᠪᠰᠢᠶᠡᠷᠡᠭᠳᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶᠎ ᠳᠤ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠪᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠳᠠᠭᠠᠭᠠᠨ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃      ︽ᠲᠥᠰᠥᠯ︾᠎ ᠳᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠳᠠᠭᠠᠭᠠᠨ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠭᠠᠳᠠᠨ᠎ᠠ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠪᠦᠷᠢᠮᠦᠰᠦᠨ᠂ ᠭᠤᠣᠯᠳᠠᠭᠤ ᠪᠠ ᠬᠡᠰᠡᠭ ᠲᠠᠯ᠎ᠠ ᠪᠠᠷ ᠳᠠᠭᠠᠭᠠᠨ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢ ᠪᠦᠬᠦᠨ ᠢ ᠥᠭᠡᠷᠡᠴᠢᠯᠡᠯᠲᠡ ᠬᠢᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ ᠳᠠᠭᠠᠭᠠᠨ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠪᠦᠬᠦ ᠲᠠᠯ᠎ᠠ ᠪᠠᠷ ᠢᠯᠭᠠᠷᠠᠭᠤᠯᠤᠨ ᠴᠡᠪᠡᠷᠯᠡᠵᠦ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠪᠢᠶᠠᠷᠢᠯᠠᠨ ᠡᠭᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠭᠤᠣᠯᠳᠠᠭᠤ ᠪᠤᠶᠤ ᠬᠡᠰᠡᠭ ᠲᠠᠯ᠎ᠠ ᠪᠠᠷ ᠳᠠᠭᠠᠭᠠᠨ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠳᠤ᠂ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠨᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠡᠭᠦᠷᠭᠡ ᠴᠢᠳᠠᠪᠤᠷᠢ ᠨᠢ ᠣᠶᠢᠷᠠᠯᠴᠠᠭ᠎ᠠ ᠨᠠᠮ ᠵᠠᠰᠠᠭ ᠤᠨ ᠪᠠᠶᠢᠭᠤᠯᠤᠮᠵᠢ ᠳᠤ ᠬᠤᠪᠢᠶᠠᠷᠢᠯᠠᠨ ᠡᠭᠡᠭᠦᠯᠵᠦ᠂ ᠤᠤᠯ ᠤᠨ ᠪᠠᠶᠢᠭᠰᠠᠨ ᠠᠵᠢᠯ ᠦᠢᠯᠡᠰ ᠤᠨ ᠨᠢᠭᠡᠴᠢ ᠶᠢ ᠨᠢ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠢᠬᠦ ᠠᠵᠢᠯ ᠦᠢᠯᠡᠰ ᠤᠨ ᠨᠢᠭᠡᠴᠢ ᠪᠣᠯᠭᠠᠨ ᠲᠣᠬᠢᠷᠠᠭᠤᠯᠬᠤ ᠪᠤᠶᠤ ᠬᠠᠮᠢᠶ᠎ᠠ ᠪᠦᠬᠦᠢ ᠠᠵᠢᠯ ᠦᠢᠯᠡᠰ ᠤᠨ ᠨᠢᠭᠡᠴᠢ ᠳᠤ ᠨᠡᠶᠢᠯᠡᠭᠦᠯᠦᠨ ᠣᠷᠣᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠪᠦᠷᠢᠮᠦᠰᠦᠨ ᠳᠠᠭᠠᠭᠠᠨ ᠬᠠᠷᠢᠭᠤᠴᠠᠵᠤ ᠪᠠᠶᠢᠭ᠎ᠠ ᠠᠵᠢᠯ ᠦᠢᠯᠡᠰ ᠤᠨ ᠨᠢᠭᠡᠴᠢ ᠢ ᠵᠠᠷᠴᠢᠮ ᠳᠡᠭᠡᠷ᠎ᠡ ᠪᠠᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠤᠮᠵᠢ ᠳᠤ ᠨᠡᠶᠢᠯᠡᠭᠦᠯᠦᠨ ᠣᠷᠣᠭᠤᠯᠬᠤ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠣᠲᠣᠭᠠᠳᠤ ᠳᠤ ᠪᠠᠨ ᠲᠣᠬᠢᠷᠠᠭᠤᠯᠬᠤ ᠪᠠᠶᠢᠭᠤᠯᠤᠮᠵᠢ ᠪᠣᠯᠭᠠᠨ ᠲᠣᠬᠢᠷᠠᠭᠤᠯᠵᠤ᠂ ᠦᠨᠡᠨ ᠬᠦ ᠵᠠᠰᠠᠭ ᠵᠠᠬᠢᠷᠭᠠᠨ ᠤ ᠪᠠᠶᠢᠭᠤᠯᠤᠮᠵᠢ ᠪᠣᠯᠭᠠᠨ ᠲᠤᠰᠠᠭᠠᠷ ᠲᠣᠬᠢᠷᠠᠭᠤᠯᠬᠤ ᠴᠢᠬᠤᠯᠠᠲᠠᠢ ᠪᠣᠯ᠂ ᠲᠥᠪ ᠠᠴᠠ ᠲᠣᠭᠲᠠᠭᠠᠭᠰᠠᠨ ᠲᠣᠭᠠᠨ ᠤ ᠬᠢᠵᠠᠭᠠᠷ ᠳᠣᠲᠣᠷ᠎ᠠ ᠲᠣᠬᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠭᠠᠳᠠᠨ᠎ᠠ᠂ ᠳᠠᠬᠢᠵᠤ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠳᠠᠭᠠᠭᠠᠨ ᠬᠠᠷᠢᠭᠤᠴᠠᠬᠤ ᠠᠵᠢᠯ ᠦᠢᠯᠡᠰ ᠤᠨ ᠨᠢᠭᠡᠴᠢ ᠶᠢ ᠦᠯᠡᠳᠡᠭᠡᠬᠦ ᠦᠭᠡᠢ ᠪᠤᠶᠤ ᠰᠢᠨ᠎ᠡ ᠪᠠᠷ ᠲᠣᠬᠢᠷᠠᠭᠤᠯᠬᠤ ᠦᠭᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ