10 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠶᠤᠯ ᠦᠭᠡᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠥᠬᠦ ᠣᠷᠣᠨ ᠤ ᠳᠡᠭᠡᠳᠦ | ᠬᠤᠷᠳᠤᠴᠠᠲᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠢ ᠴᠡᠭᠴᠡᠯᠡᠨ ᠵᠠᠰᠠᠯᠲᠠ ᠵᠢᠴᠢ | ᠤᠷᠳᠤ ᠬᠤᠭᠤᠴᠠᠭᠠᠨ ᠤ ᠪᠦᠳᠦᠮᠵᠢᠳᠦ ᠲᠣᠭᠲᠠᠴᠠ ᠶᠢᠨ ᠪᠠᠶᠢᠭᠤᠯᠤᠯᠲᠠ ᠶᠢᠨ ᠵᠣᠬᠢᠴᠠᠭᠤᠯᠬᠤ ᠠᠵᠢᠯ ᠤᠨ ᠬᠤᠷᠠᠯ | ᠬᠤᠷᠠᠯᠳᠤᠭᠤᠯᠵᠤ᠂ ᠬᠤᠷᠠᠯ ᠨᠢ ︽ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠬᠤ ᠲᠤᠬᠠᠶ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠳᠡᠮᠦᠷ | ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠶ ᠺᠣᠮᠫᠠᠨᠢ ᠶᠢᠨ ᠰᠠᠨᠠᠯ︾ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠮᠠᠨ ᠤ ᠣᠷᠣᠨ ᠤ ᠲᠡᠮᠦᠷ ᠵᠠᠮ ᠤᠨ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠢ | ᠮᠡᠳᠡᠭᠳᠡᠭᠰᠡᠨ ᠪᠦᠭᠡᠳ ᠳᠠᠷᠠᠭ᠎ᠠ ᠱᠠᠲᠤᠨ ᠤ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠠᠮᠤᠷ ᠲᠦᠪᠰᠢᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠡᠮᠦᠷ ᠵᠠᠮ ᠤᠨ ᠲᠡᠭᠡᠭᠡᠪᠦᠷᠢ ᠶᠢᠨ ᠡᠵᠡᠩᠨᠡᠯᠲᠡ ᠶᠢᠨ | ᠶᠡᠷᠦᠩᠬᠡᠶ ᠤᠷᠲᠤ ᠨᠢ 1.37 ᠲᠦᠮᠡᠨ ᠺᠢᠯᠣᠮᠧᠲᠷ ᠪᠠᠶᠢᠳᠠᠭ᠂ ᠭᠡᠪᠡᠴᠦ ᠲᠡᠮᠦᠷ ᠵᠠᠮ ᠤᠨ ᠭᠠᠳᠠᠭᠠᠳᠤ ᠠᠮᠤᠷ | ᠲᠦᠪᠰᠢᠨ ᠣᠷᠴᠢᠨ ᠲᠤᠭᠤᠷᠢᠨ ᠤ ᠪᠠᠶᠢᠳᠠᠯ ᠲᠡᠶᠢᠮᠦ ᠰᠠᠶᠢᠨ ᠪᠢᠰᠢ ᠪᠠᠶᠢᠵᠤ᠂ ᠲᠠᠩᠱᠠᠨ ᠠᠴᠠ ᠬᠥᠬᠡᠬᠤᠲᠠ ᠬᠦᠷᠬᠦ | ᠱᠤᠭᠤᠮ ᠤᠨ ᠪᠠᠷᠢᠯᠭ᠎ᠠ ᠶᠢᠨ ᠲᠡᠷᠭᠡ ᠬᠦᠰᠭᠡ ᠭᠤᠤᠯ ᠱᠤᠭᠤᠮ ᠢ ᠤᠭᠲᠤᠯᠵᠤ ᠭᠠᠷᠤᠭᠰᠠᠨ᠂ ᠪᠡᠭᠡᠵᠢᠩ ᠠᠴᠠ | ᠪᠤᠭᠤᠲᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠡᠮᠦᠷ ᠬᠠᠪᠲᠠᠰᠤ ᠭᠤᠤᠯ ᠱᠤᠭᠤᠮ ᠢ | ᠪᠦᠷᠬᠦᠭᠰᠡᠨ᠂ ᠬᠥᠬᠡᠬᠤᠲᠠ ᠠᠴᠠ ᠵᠤᠩᠭᠠᠷ ᠬᠦᠷᠬᠦ ᠱᠤᠭᠤᠮ ᠤᠨ ᠨᠦᠬᠡᠨ ᠵᠡᠮ ᠤᠨ ᠳᠡᠭᠡᠷ᠎ᠡ ᠲᠠᠯ᠎ᠠ ᠳᠤ ᠬᠠᠤᠯᠢ | ᠪᠤᠰᠤ ᠪᠠᠷ ᠦᠷᠦᠮᠳᠡᠵᠦ ᠪᠠᠷᠢᠯᠭ᠎ᠠ ᠪᠠᠷᠢᠭᠰᠠᠨ ᠵᠡᠷᠭᠡ ᠲᠡᠭᠡᠭᠡᠪᠦᠷᠢ ᠶᠢᠨ ᠠᠮᠤᠷ ᠲᠦᠪᠰᠢᠨ ᠢ ᠰᠦᠷᠳᠡᠭᠦᠯᠦᠭᠰᠡᠨ | ᠠᠳᠡᠯ ᠪᠣᠯᠤᠨ ᠭᠡᠮ ᠰᠤᠭᠤᠭ ᠭᠠᠷᠴᠦ ᠦᠩᠭᠡᠷᠡᠪᠡ᠃ | ᠣᠳᠣᠬᠠᠨ ᠪᠣᠯᠲᠠᠯ᠎ᠠ᠂ ᠪᠡᠭᠡᠵᠢᠩ ᠠᠴᠠ ᠪᠤᠭᠤᠲᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ | ᠱᠤᠭᠤᠮ ᠳᠤ ᠭᠠᠳᠠᠭᠠᠳᠤ ᠣᠷᠴᠢᠨ ᠲᠣᠭᠤᠷᠢᠨ ᠤ ᠭᠡᠮ ᠰᠤᠭᠤᠭ 348 ᠣᠷᠣᠰᠢᠵᠤ ᠪᠠᠶᠢᠨ᠎ᠠ᠂ ᠡᠭᠦᠨ ᠳᠤ ᠲᠡᠮᠦᠷ | ᠭᠡᠷ᠂ ᠲᠤᠭᠤᠰᠤ ᠬᠤᠷᠢᠭᠯᠠᠬᠤ ᠲᠤᠤᠷ᠂ ᠰᠦᠯᠢᠶᠣᠣ ᠰᠠᠷᠠᠪᠴᠢ ᠵᠡᠷᠭᠡ ᠬᠥᠪᠦᠮᠡᠯ ᠪᠤᠳᠠᠰ ᠤᠨ ᠭᠡᠮ ᠰᠤᠭᠤᠭ 292᠂ | ᠪᠠᠷᠢᠯᠭ᠎ᠠ ᠶᠢᠨ ᠵᠦᠢᠯ 2᠂ ᠬᠠᠤᠯᠢ ᠶᠢ ᠵᠤᠷᠢᠴᠡᠭᠰᠡᠨ ᠪᠠᠷᠢᠯᠭ᠎ᠠ 10᠂ ᠭᠠᠵᠠᠷ ᠳᠣᠣᠷᠠᠬᠢ ᠤᠰᠤ ᠶᠢ ᠲᠠᠲᠠᠭᠰᠠᠨ | ᠶᠠᠪᠤᠳᠠᠯ 14᠂ ᠵᠠᠰᠠᠮᠠᠯ ᠵᠠᠮ ᠲᠡᠮᠦᠷ ᠵᠠᠮ ᠵᠡᠷᠭᠡᠴᠡᠵᠦ ᠪᠠᠶᠢᠬᠤ᠂ ᠡᠯᠭᠦᠮᠡᠯ ᠬᠥᠭᠦᠷᠭᠡ ᠶᠢᠨ ᠲᠥᠷᠥᠯ 9᠂ ᠤᠨᠠᠵᠤ | ᠮᠡᠳᠡᠬᠦ ᠲᠥᠷᠥᠯ ︵ᠱᠣᠩ ᠰᠤᠪᠤᠷᠭ᠎ᠠ︶ 7᠂ ᠪᠤᠰᠤᠳ ᠭᠡᠮ ᠰᠤᠭᠤᠭ 14 ᠪᠠᠶᠢᠵᠤ᠂ ᠨᠢᠭᠡᠨᠲᠡ ᠬᠤᠯᠪᠣᠭᠳᠠᠯ | ᠪᠦᠬᠦᠢ ᠨᠢᠭᠡᠴᠢ ᠪᠠ ᠬᠤᠪᠢ ᠬᠥᠮᠦᠨ ᠳᠤ ︽ᠠᠮᠤᠷ ᠲᠦᠪᠰᠢᠨ ᠤ ᠬᠡᠮ ᠰᠣᠭᠤᠭ ᠢ ᠮᠡᠳᠡᠭᠳᠡᠬᠦ ᠪᠢᠴᠢᠭ︾ ᠢ 143 | ᠬᠤᠪᠢ ᠲᠠᠷᠬᠠᠭᠠᠵᠠᠢ᠃ ᠣᠳᠣᠬᠠᠨ ᠳᠤ ᠨᠢᠭᠡᠨᠲᠡ ᠪᠡᠭᠡᠵᠢᠩ ᠠᠴᠠ ᠪᠤᠭᠤᠲᠤ ᠬᠦᠷᠬᠦ ᠱᠤᠭᠤᠮ ᠤᠨ ᠤᠯᠠᠭᠠᠨᠴᠠᠪ | ᠬᠤᠲᠠ ᠶᠢᠨ ᠵᠢᠨᠢᠩ ᠤᠨ ᠡᠮᠦᠨ᠎ᠡ ᠦᠷᠲᠡᠭᠡ ᠶᠢᠨ K496+816 ᠬᠥᠭᠦᠷᠭᠡᠨ ᠳᠤᠤᠷᠠᠬᠢ ᠪᠣᠬᠢᠷᠲᠤᠯ ᠪᠣᠳᠠᠰ ᠢ | ᠭᠠᠳᠠᠭᠰᠢᠯᠠᠭᠤᠯᠬᠤ᠂ ᠪᠤᠭᠤᠲᠤ ᠬᠤᠲᠠ ᠶᠢᠨ ᠭᠦᠶᠡᠩ ᠰᠢᠶᠠᠨ ᠤ ᠪᠤᠭᠤᠲᠤ ᠠᠴᠠ ᠪᠠᠶ᠋ᠬᠠᠤᠪᠤᠭ᠎ᠠ ᠬᠦᠷᠬᠦ | ᠱᠤᠭᠤᠮ ᠤᠨ K84+960 ᠬᠠᠪᠲᠠᠭᠠᠢ ᠶᠢ ᠪᠤᠰᠤᠭᠠᠴᠢᠯᠠᠬᠤ ᠵᠡᠷᠭᠡ ᠶᠡᠭᠡ ᠣᠯᠠᠨ ᠭᠤᠣᠯᠳᠠᠯᠭ᠎ᠠ ᠲᠠᠢ ᠬᠦᠴᠢᠷ | ᠠᠰᠠᠭᠤᠳᠠᠯ ᠢ ᠰᠢᠢᠳᠪᠦᠷᠢᠯᠡᠪᠡ᠃ ᠲᠡᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠳᠡᠭᠡᠳᠦ ᠬᠤᠷᠳᠤᠴᠠᠲᠤ ᠲᠡᠮᠦᠷ ᠵᠠᠮ ᠤᠨ 200 ᠮᠧᠲᠷ ᠤᠨ ᠬᠡᠪᠴᠢᠶᠡᠨ ᠳᠠᠬᠢ ᠭᠠᠵᠠᠷ | ᠳᠣᠣᠷᠠᠬᠢ ᠤᠰᠤ ᠶᠢ ᠲᠠᠲᠠᠬᠤ᠂ ᠵᠠᠮ ᠬᠠᠷᠢᠯᠴᠠᠭᠠᠨ ᠤ ᠪᠠ ᠮᠠᠰᠢᠨ ᠲᠡᠷᠭᠡ ᠲᠡᠮᠦᠷ ᠵᠠᠮ ᠤᠨ ᠵᠡᠷᠭᠡᠴᠡᠭᠡ ᠠᠶᠠᠯᠠᠯ | ᠵᠡᠷᠭᠡ ᠠᠮᠤᠷ ᠲᠦᠪᠰᠢᠨ ᠤ ᠳᠠᠯᠳᠠ ᠭᠡᠮ ᠵᠢᠴᠢ ᠲᠡᠮᠦᠷ ᠵᠡᠮ ᠤᠨ ᠬᠤᠶᠠᠷ ᠬᠠᠵᠠᠭᠤ ᠶᠢᠨ ᠡᠯᠡᠰᠦ ᠶᠢ ᠮᠠᠯᠲᠠᠬᠤ᠂ | ᠭᠤᠣᠯ ᠮᠥᠷᠡᠨ ᠤ ᠤᠰᠤᠨ ᠵᠠᠮ ᠳᠤ ᠡᠯᠡᠰᠦ ᠮᠠᠯᠲᠠᠵᠤ ᠠᠯᠳᠠ ᠲᠤᠩᠭᠠᠬᠤ ᠵᠡᠷᠭᠡ ᠠᠰᠠᠭᠤᠳᠠᠯ ᠢ ᠶᠡᠭᠡ ᠪᠠᠷ | ᠴᠡᠭᠴᠡᠯᠡᠨ ᠵᠠᠰᠠᠬᠤ ᠪᠤᠯᠤᠨ᠎ᠠ᠃ |