ᠥᠪᠥᠷ ᠮᠣᠩᠭᠤᠯ᠄ ᠡᠨᠡ ᠵᠢᠯ ᠬᠤᠰᠢᠭᠤ ᠰᠢᠶᠠᠨ ᠬᠤᠲᠠ ᠲᠣᠭᠤᠷᠢᠭ ᠨᠢᠭᠡᠪᠦᠷᠢ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠤ ᠡᠷᠡᠭᠦᠯᠵᠢᠭᠦᠯᠦᠯ ᠤᠨ ᠥᠷᠲᠡᠭᠡ ᠶᠢ ᠨᠠᠭᠠᠳᠤ ᠵᠠᠬ᠎ᠠ ᠳᠠᠭᠠᠨ 1᠎ ᠶᠢ ᠪᠠᠶᠢᠭᠤᠯᠪᠠ
ᠨᠡᠶᠢᠲᠡᠯᠡᠭᠰᠡᠨ ᠴᠠᠭ᠄
2018/10/30
       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠤ ᠡᠷᠡᠭᠦᠯᠵᠢᠭᠦᠯᠦᠯ ᠤᠨ ᠥᠷᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠥᠰᠦᠯ︾᠎ ᠢ ᠦᠨᠳᠦᠰᠦᠯᠡᠨ᠂ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠢ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠎ ᠶᠢ ᠬᠠᠩᠭᠠᠬᠤ ᠶᠢᠨ ᠲᠤᠰᠠᠳᠠ᠂ 2018 ᠣᠨ ᠳᠤ᠂ ᠬᠤᠰᠢᠭᠤ ᠰᠢᠶᠠᠨ ᠬᠤᠳᠠ ᠲᠣᠭᠤᠷᠢᠭ ᠨᠢᠭᠡᠪᠦᠷᠢ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠤ ᠡᠷᠡᠭᠦᠯᠵᠢᠭᠦᠯᠦᠯ ᠤᠨ ᠥᠷᠲᠡᠭᠡ ᠶᠢ ᠨᠠᠭᠠᠳᠤ ᠵᠠᠬ᠎ᠠ ᠳᠠᠭᠠᠨ 1᠎ ᠶᠢ ᠪᠠᠶᠢᠭᠤᠯᠪᠠ᠃ ᠲᠥᠰᠦᠯ ᠳᠤ ᠡᠭᠦᠷᠭᠡ ᠬᠠᠷᠠᠯᠲᠠ ᠶᠢ ᠲᠣᠳᠣᠷᠬᠠᠶ ᠲᠣᠭᠲᠠᠭᠠᠪᠠ᠄ ᠬᠤᠰᠢᠭᠤ ᠰᠢᠶᠠᠨ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠡᠷᠡᠭᠦᠯᠵᠢᠯ ᠤᠨ ᠥᠷᠲᠡᠭᠡ᠂ ᠵᠡᠭᠡᠯᠢ ᠭᠤᠳᠤᠮᠵᠢ ᠪᠤᠶᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶ ᠵᠢᠴᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ ᠨᠡᠶᠢᠭᠡᠮ ᠲᠣᠭᠤᠷᠢᠭ ᠤᠨ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠤ ᠡᠷᠡᠭᠦᠯᠵᠢᠭᠦᠯᠦᠯ ᠤᠨ ᠥᠷᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠪᠥᠲᠥᠭᠡᠨ ᠪᠠᠶᠢᠭᠤᠯᠤᠯᠲᠠ ᠶᠢ 100% ᠎ ᠪᠠᠷ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃ ᠨᠡᠶᠢᠭᠡᠮ ᠲᠣᠭᠤᠷᠢᠭ ᠲᠤ ᠪᠥᠲᠥᠭᠡᠨ ᠪᠠᠶᠢᠭᠤᠯᠬᠤ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠤ ᠡᠷᠡᠭᠦᠯᠵᠢᠭᠦᠯᠦᠯ ᠤᠨ ᠥᠷᠲᠡᠭᠡ ᠶᠢᠨ ᠡᠷᠡᠭᠦᠯᠵᠢᠭᠦᠯᠬᠦ ᠲᠠᠯᠠᠪᠠᠢ ᠶᠢ 20 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠂ ᠬᠢᠮᠳᠠ ᠪᠥᠭᠡᠳ ᠬᠡᠷᠡᠭᠴᠡᠭᠡᠲᠡᠶ ᠪᠠᠭᠠᠵᠢ ᠬᠡᠷᠡᠭᠰᠡᠯ ᠲᠣᠬᠢᠷᠠᠭᠤᠯᠵᠤ᠂ ᠡᠷᠡᠭᠦᠯᠵᠢᠭᠦᠯᠬᠦ ᠪᠠᠭᠠᠵᠢ ᠭᠡᠷᠡᠭᠰᠢᠯ ᠨᠢ ᠬᠥᠳᠡᠯᠭᠡᠭᠡᠨ ᠬᠢᠬᠦ ᠳᠤ ᠴᠢᠬᠤᠯᠠᠲᠠᠶ᠂ ᠡᠳᠦᠷ ᠲᠤᠲᠤᠮ ᠤᠨ ᠠᠮᠢᠳᠤᠷᠠᠯ ᠤᠨ ᠦᠢᠯᠡ ᠬᠥᠳᠡᠯᠦᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠵᠡᠷᠭᠡ ᠴᠢᠳᠠᠮᠵᠢ ᠲᠠᠢ ᠪᠠᠶᠢᠬᠤ ᠬᠡᠷᠡᠭᠲᠡᠢ᠃ ᠡᠭᠦᠨ ᠤ ᠬᠠᠮᠲᠤ᠂ ᠨᠣᠮ ᠤᠩᠰᠢᠬᠤ ᠳᠡᠯᠭᠡᠨ ᠦᠵᠡᠭᠦᠯᠦᠯᠭᠡ᠂ ᠤᠷᠠᠨ ᠵᠢᠷᠤᠭ ᠤᠷᠠᠨ ᠪᠢᠴᠢᠯᠭᠡ᠂ ᠭᠠᠷ ᠤᠷᠠᠯᠠᠯ ᠵᠣᠬᠢᠶᠠᠵᠤ ᠪᠦᠲᠦᠭᠡᠬᠦ᠂ ᠳᠠᠭᠤᠤ ᠬᠥᠭᠵᠢᠮ᠂ ᠨᠠᠭᠠᠳᠤᠮ ᠲᠣᠭᠯᠠᠭᠠᠮ ᠂ ᠪᠡᠶ᠎ᠡ ᠴᠢᠭᠢᠷᠠᠭᠵᠢᠭᠤᠯᠬᠤ ᠵᠡᠷᠭᠡ ᠳᠥᠭᠦᠮ ᠡᠷᠡᠭᠦᠯᠵᠢᠭᠦᠯᠬᠦ ᠦᠢᠯᠡᠴᠢᠯᠡᠭᠡ ᠬᠠᠩᠭᠠᠵᠤ ᠳᠡᠶᠢᠯᠬᠦ ᠬᠡᠷᠡᠭᠲᠡᠢ︔ ᠨᠥᠬᠦᠴᠡᠯ ᠢᠶᠠᠷ ᠨᠡᠯᠢᠶᠡᠳ ᠰᠠᠶᠢᠨ ᠡᠷᠡᠭᠦᠯᠵᠢᠯ ᠤᠨ ᠦᠷᠳᠡᠭᠡ ᠨᠢ ᠰᠡᠳᠬᠢᠴᠡ ᠳᠤ ᠦᠢᠯᠡᠴᠢᠯᠡᠬᠦ ᠪᠠᠭᠠᠵᠢ ᠬᠡᠷᠡᠭᠰᠡᠯ ᠲᠣᠬᠢᠷᠠᠭᠤᠯᠵᠤ᠂ ᠰᠡᠳᠬᠢᠴᠡ ᠶᠢᠨ ᠵᠢᠯᠣᠭᠤᠳᠤᠯᠭ᠎ᠠ᠂ ᠰᠡᠳᠬᠢᠴᠡ ᠶᠢᠨ ᠯᠠᠪᠯᠠᠭ᠎ᠠ ᠵᠡᠷᠭᠡ ᠰᠡᠳᠬᠢᠴᠡ ᠶᠢᠨ ᠦᠢᠯᠡᠴᠢᠯᠡᠭᠡ ᠬᠠᠩᠭᠠᠵᠤ ᠪᠣᠯᠣᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ︵ᠰᠢᠶᠠᠩ ᠪᠠᠯᠭᠠᠰᠤ︶᠎ ᠶᠢᠨ ᠡᠷᠡᠭᠦᠯ ᠬᠠᠮᠠᠭᠠᠯᠠᠯ ᠤᠨ ᠥᠷᠲᠡᠭᠡ ᠳᠤ ᠲᠤᠰᠬᠠᠶ ᠮᠡᠷᠭᠡᠵᠢᠯ ᠤᠨ ᠡᠮᠴᠢ ᠳᠤ ᠡᠷᠡᠭᠦᠯᠵᠢᠭᠦᠯᠦᠭᠴᠢ ᠶᠢᠨ ᠡᠭᠦᠷᠭᠡ ᠶᠢ ᠲᠣᠰᠢᠶᠠᠵᠤ᠂ ᠬᠠᠷᠢᠶ᠎ᠠ ᠲᠣᠭᠤᠷᠢᠭ ᠤᠨ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠤ ᠡᠷᠡᠭᠦᠯᠵᠢᠬᠦ ᠪᠣᠯᠪᠠᠰᠤᠷᠠᠯ ᠢ ᠨᠢ ᠵᠢᠯᠣᠭᠤᠳᠤᠭᠤᠯᠬᠤ ᠶᠢᠨ ᠬᠠᠮᠲᠤ ᠪᠠᠶᠢᠳᠠᠯ ᠢ ᠨᠢ ᠨᠠᠷᠢᠨ ᠣᠶᠢᠯᠠᠭᠠᠵᠤ ᠪᠦᠷᠢᠳᠬᠡᠠ ᠳᠠᠩᠰᠠ ᠡᠪᠬᠡᠮᠡᠯ ᠪᠠᠶᠢᠭᠤᠯᠬᠤ ᠬᠡᠷᠡᠭᠲᠡᠢ᠃ ᠣᠶᠢᠯᠠᠭᠠᠭᠰᠠᠨ ᠢᠶᠠᠷ᠂ 2017 ᠣᠨ ᠤ ᠡᠴᠦᠰ ᠪᠣᠯᠲᠠᠯ᠎ᠠ᠂ ᠮᠠᠨ ᠤ ᠣᠷᠣᠨ ᠤ ᠳᠠᠩᠰᠠᠯᠠᠨ ᠬᠠᠮᠢᠶᠠᠷᠴᠤ ᠪᠠᠶᠢᠭ᠎ᠠ ᠬᠦᠨᠳᠦ ᠨᠣᠴᠢᠲᠠᠶ ᠣᠶᠣᠨ ᠮᠡᠳᠡᠷᠡᠯ ᠤᠨ ᠲᠣᠳᠬᠠᠷ ᠲᠠᠢ ᠡᠪᠡᠳᠴᠢᠲᠡᠨ ᠨᠢᠭᠡᠨᠲᠡ 10 ᠲᠦᠮᠨ ᠶᠢ ᠳᠠᠪᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号