ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ︽ᠣᠶᠣᠨ ᠢ ᠲᠡᠳᠬᠦᠬᠦ︾ ᠰᠠᠭᠤᠷᠢᠨ ᠭᠠᠵᠠᠷ ᠢ ᠠᠰᠢᠭᠯᠠᠯᠲᠠ ᠳᠤ ᠣᠷᠣᠵᠠᠢ
ᠨᠡᠶᠢᠲᠡᠯᠡᠭᠰᠡᠨ ᠴᠠᠭ᠄
2018/10/30
     10 ᠳ᠋ᠤᠭᠠᠷ ᠰᠠᠷ᠎ᠠ ᠶᠢᠨ 24᠎ ᠤ ᠡᠳᠦᠷ᠂ ᠰᠢᠯᠢ ᠶᠢᠨ ᠭᠤᠣᠯ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠩᠬᠠᠳᠠᠭᠴᠢ ︽ᠣᠶᠣᠨ ᠢ ᠲᠡᠳᠬᠦᠬᠦ︾ ᠰᠠᠭᠤᠷᠢᠨ ᠭᠠᠵᠠᠷ ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤ ᠶᠢᠨ ᠪᠠᠶᠠᠨ ᠬᠠᠩᠭᠠᠶ ᠭᠠᠴᠠᠭ᠎ᠠ ᠳᠤ ᠠᠰᠢᠭᠯᠠᠯᠲᠠ ᠳᠤ ᠣᠷᠣᠵᠤ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠤᠰ ᠭᠠᠴᠠᠭᠠᠨ ᠤ ᠮᠠᠯᠴᠢᠳ ᠲᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠡᠷᠡᠭᠯᠡᠭᠡᠨ ᠤ ᠨᠣᠮ ᠪᠢᠴᠢᠭ ᠢ ᠬᠦᠷᠭᠡᠭᠰᠡᠨ ᠪᠠᠶᠢᠨ᠎ᠠ᠃      ᠪᠠᠶᠠᠨ ᠬᠠᠩᠭᠠᠶ ᠭᠠᠴᠠᠭ᠎ᠠ ᠪᠣᠯ ᠰᠠᠶᠢᠬᠠᠨᠲᠠᠯ᠎ᠠ ᠪᠠᠯᠭᠠᠰᠤ ᠶᠢᠨ ᠡᠮᠦᠨᠡᠰᠢ 17 ᠺᠢᠯᠣᠮᠧᠲᠷ ᠵᠠᠶᠢᠲᠠᠶ ᠭᠠᠵᠠᠷ ᠲᠤ ᠪᠠᠶᠢᠷᠢᠰᠢᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ 32 ᠡᠷᠦᠬᠡ 88 ᠬᠥᠮᠥᠨ ᠲᠠᠢ᠂ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠪᠰᠤᠷᠤᠨ ᠲᠡᠳᠬᠦᠬᠦ ᠬᠠᠷᠢᠯᠴᠠᠬᠤ ᠴᠡᠭ ᠪᠣᠯᠣᠨ᠎ᠠ᠃ ᠡᠨᠡ ᠵᠢᠯ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 10 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠠᠴᠠᠭᠠᠨ ᠤ ︽ᠬᠤᠶᠠᠷ ᠵᠥᠪᠯᠡᠯ︾᠎ ᠲᠠᠢ ᠬᠠᠮᠲᠤᠷᠠᠨ ᠲᠤᠰ ᠰᠠᠭᠤᠷᠢᠨ ᠭᠠᠵᠠᠷ ᠢ ᠪᠦᠳᠤᠭᠡᠨ ᠪᠠᠶᠢᠭᠤᠯᠵᠠᠢ᠃ ᠭᠠᠴᠠᠭᠠᠨ ᠤ ᠤᠤᠯ ᠤᠨ ᠲᠠᠯ᠎ᠠ ᠨᠤᠲᠤᠭ ᠤᠨ ᠨᠣᠮ ᠤᠨ ᠦᠷᠦᠬᠡ ᠶᠢᠨ ᠰᠠᠭᠤᠷᠢᠨ ᠳᠡᠭᠡᠷ᠎ᠡ᠂ ᠡᠯ᠎ᠡ ᠲᠥᠷᠥᠯ ᠤᠨ ᠪᠣᠳᠠᠲᠤ ᠬᠡᠷᠡᠭᠯᠡᠭᠡᠨ ᠤ 2000 ᠳᠡᠪᠲᠡᠷ ᠨᠣᠮ ᠪᠢᠴᠢᠭ ᠥᠷᠭᠡᠳᠬᠡᠨ ᠨᠡᠮᠡᠵᠡᠢ᠃ ᠬᠠᠮᠲᠤ ᠠᠰᠢᠭᠯᠠᠯᠲᠠ ᠳᠤ ᠣᠷᠣᠭᠰᠠᠨ ᠲᠣᠰᠬᠤᠨ ᠤ ᠲᠡᠦᠬᠡ ᠶᠢᠨ ᠣᠷᠳᠣᠨ ᠨᠢ ᠪᠠᠶᠠᠨ ᠬᠠᠩᠭᠠᠶ ᠭᠠᠴᠠᠭ᠎ᠠ ᠶᠢᠨ ᠲᠡᠦᠬᠡ ᠶᠢᠨ ᠬᠤᠪᠢᠰᠤᠯ᠂ ᠬᠥᠭᠵᠢᠯᠲᠡ ᠶᠢᠨ ᠵᠠᠮ᠂ ᠪᠦᠳᠤᠭᠡᠨ ᠪᠠᠶᠢᠭᠤᠯᠤᠯᠲᠠ ᠶᠢᠨ ᠦᠷ᠎ᠡ ᠪᠦᠲᠦᠭᠡᠯ᠂ ᠬᠤᠪᠢᠰᠬᠠᠯ ᠤᠨ ᠲᠡᠦᠬᠡᠨ ᠤᠯᠠ ᠮᠥᠷ ᠵᠡᠷᠭᠡ ᠠᠭᠤᠯᠭ᠎ᠠ ᠤᠳ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠤᠷᠢᠳᠤᠬᠢ ᠬᠥᠮᠦᠰ ᠤᠨ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ ᠦᠢᠯᠡᠰ ᠪᠦᠲᠦᠭᠡᠬᠦ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠥᠷᠭᠡᠨ ᠤᠯᠠᠨ ᠮᠠᠯᠴᠢᠨ ᠲᠦᠮᠡᠨ ᠤ ᠣᠮᠤᠭ ᠪᠠᠭ᠋ᠠᠳᠤᠯᠲᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠲᠦᠰᠢᠭ ᠪᠣᠯᠬᠤ ᠰᠡᠳᠬᠢᠯᠭᠡ ᠶᠢ ᠨᠢ ᠨᠡᠮᠡᠭᠳᠡᠭᠦᠯᠬᠦ ᠪᠠᠷ ᠵᠣᠷᠢᠯᠭ᠎ᠠ ᠪᠠᠨ ᠪᠣᠯᠭᠠᠵᠤ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠭᠡᠰᠡᠨ ᠨᠢᠭᠡ ᠵᠦᠢᠯ ᠤᠨ ᠬᠦᠴᠦᠷᠬᠡᠭ ᠶᠡᠭᠡ ᠤᠶᠦᠠ ᠰᠠᠨᠠᠭᠠᠨ ᠤ ᠵᠣᠷᠢᠭᠵᠢᠭᠤᠯᠤᠯ ᠪᠣᠯᠵᠠᠢ᠃      ᠣᠶᠢᠷ᠎ᠠ ᠶᠢᠨ ᠵᠢᠯ ᠤᠨ ᠲᠤᠷᠰᠢ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠢᠮᠠᠭᠲᠠ ︽ᠶᠠᠳᠠᠭᠤ ᠬᠦᠴᠢᠷᠳᠡᠯ ᠲᠠᠢ ᠮᠠᠯᠴᠢᠨ ᠡᠷᠦᠬᠡ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ  ᠴᠢᠩᠭᠠᠳᠬᠠᠨ᠂ ᠶᠠᠳᠠᠭᠤ ᠬᠦᠴᠢᠷᠳᠡᠯᠲᠡᠢ ᠮᠠᠯᠴᠢᠨ ᠡᠷᠤᠭᠡ ᠶᠢᠨ ᠠᠮᠢᠳᠤᠷᠠᠯ ᠤᠨ ᠶᠠᠰᠤ ᠴᠢᠨᠠᠷ ᠢ ᠨᠢ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠠᠯᠢ ᠲᠥᠷᠭᠡᠨ ᠢᠶᠠᠷ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ︾ ᠬᠠᠪᠰᠤᠷᠤᠨ ᠲᠡᠳᠬᠦᠬᠦ ᠰᠡᠳᠬᠢᠴᠡ ᠶᠢᠨ ᠶᠣᠰᠣᠭᠠᠷ᠂ ᠬᠤᠣᠰᠯᠠᠨ ᠬᠠᠪᠰᠤᠷᠴᠤ ᠲᠡᠳᠬᠦᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠮᠠᠯᠴᠢᠳ ᠲᠤ ᠪᠣᠳᠠᠲᠤ ᠶᠠᠪᠤᠳᠠᠯ ᠢ ᠨᠠᠷᠢᠨ ᠬᠢᠨᠠᠮᠠᠭᠠᠢ ᠬᠢᠵᠦ ᠥᠭᠴᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠲᠣᠭᠲᠠᠭᠤᠨ ᠢᠶᠠᠷ  ᠠᠩᠭᠢᠵᠢᠷᠠᠭᠤᠯᠤᠭᠰᠠᠨ ᠤ ᠬᠠᠮᠲᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠠᠢ᠃ 2013 ᠣᠨ ᠠᠴᠠ ᠨᠠᠭᠠᠰᠢ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢ ᠤᠷᠢᠳ ᠬᠤᠵᠢᠳ 360 ᠲᠦᠮᠡᠨ ᠲᠥᠭᠦᠷᠢᠭ ᠣᠯᠵᠤ᠂ ᠬᠠᠪᠰᠤᠷᠤᠨ ᠲᠡᠳᠬᠦᠬᠦ ᠪᠡᠯᠡ ᠮᠥᠩᠭᠦ ᠶᠢ 130 ᠲᠦᠮᠡᠨ ᠲᠦᠬᠦᠷᠢᠭ ᠣᠷᠣᠭᠤᠯᠵᠤ᠂  ᠭᠤᠣᠯᠳᠠᠭᠤ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ᠂  ᠶᠠᠳᠠᠭᠤ ᠬᠦᠴᠢᠷᠳᠡᠯᠲᠡᠢ ᠶᠢ ᠨᠢ ᠳᠡᠳᠬᠦᠨ ᠲᠤᠰᠠᠯᠠᠬᠤ᠂ ᠠᠵᠤ ᠦᠢᠯᠡᠰ ᠢ ᠬᠦᠭᠵᠢᠭᠦᠯᠬᠦ ᠵᠡᠷᠭᠡ ᠲᠠᠯ᠎ᠠ ᠪᠠᠷ ᠬᠠᠪᠰᠤᠷᠤᠨ ᠲᠡᠳᠬᠦᠵᠦ᠂ ᠭᠠᠴᠠᠭ᠎ᠠ ᠶᠢᠨ ᠠᠵᠢᠯᠯᠠᠭᠠᠨ ᠤ ᠦᠷᠦᠬᠡ ᠶᠢ  300 ᠲᠡᠭᠰᠢ ᠳᠥᠷᠪᠡᠯᠵᠢᠨ ᠮᠧᠲᠷ ᠪᠣᠯᠭᠠᠨ ᠥᠷᠭᠡᠳᠬᠡᠨ ᠪᠠᠶᠢᠭᠤᠯᠵᠤ᠂ ᠤᠰᠤ ᠥᠩᠭᠡᠷᠡᠬᠦ ᠵᠠᠮ ᠢ 500 ᠮᠧᠲᠷ ᠪᠦᠲᠦᠭᠡᠨ ᠪᠠᠶᠢᠭᠤᠯᠵᠤ᠂  ᠬᠤᠴᠠ ᠶᠢᠨ ᠰᠠᠭᠤᠷᠢᠨ ᠭᠠᠵᠠᠷ 1᠂ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ 3.6 ᠮᠦ ᠰᠢᠨ᠎ᠡ ᠪᠠᠷ ᠪᠠᠶᠢᠭᠤᠯᠵᠠᠢ᠃  ᠡᠭᠦᠨ ᠤ ᠬᠠᠮᠲᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠨ ᠰᠠᠭᠤᠴᠠ᠂ ᠤᠰᠤ ᠤᠤᠭᠤᠬᠤ᠂ ᠴᠠᠬᠢᠯᠭᠠᠨ ᠬᠡᠷᠡᠭᠯᠡᠬᠦ᠂ ᠡᠪᠡᠳᠴᠢᠨ ᠦᠵᠡᠭᠦᠯᠬᠦ ᠵᠡᠷᠭᠡ ᠲᠠᠯ᠎ᠠ ᠪᠠᠷ ᠬᠢ ᠪᠣᠳᠠᠲᠠᠶ ᠬᠦᠴᠢᠷᠳᠡᠯ ᠢ ᠎ ᠨᠢ ᠰᠢᠢᠳᠪᠦᠷᠢᠯᠡᠨ ᠥᠭᠴᠦ᠂ ᠳᠡᠳᠡᠨ ᠢ ᠬᠠᠪᠰᠤᠷᠤᠨ ᠶᠠᠳᠠᠭᠤ ᠠᠴᠠ ᠠᠩᠭᠢᠵᠢᠷᠠᠨ ᠴᠢᠨᠡᠭᠡᠯᠢᠭ  ᠠᠮᠢᠳᠤᠷᠠᠬᠤ ᠢᠲᠡᠭᠡᠯ ᠲᠠᠢ ᠪᠣᠯᠭᠠᠪᠠ᠃ ᠥᠨᠥ᠂ ᠪᠦᠬᠦ ᠭᠠᠴᠠᠭ᠎ᠠ ᠶᠢᠨ 20 ᠡᠷᠦᠬᠡ 57 ᠬᠥᠮᠦᠨ ᠶᠠᠳᠠᠭᠤ ᠠᠴᠠ ᠠᠩᠭᠢᠵᠢᠷᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号