ᠪᠥᠬᠦ ᠣᠷᠣᠨ ᠤ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠢ ᠴᠡᠭᠴᠡᠯᠡᠨ ᠵᠠᠰᠠᠯᠲᠠ ᠵᠢᠴᠢ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢᠨ ᠪᠠᠶᠢᠭᠤᠯᠤᠯᠲᠠ ᠶᠢ ᠵᠣᠬᠢᠴᠠᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/10/30
     10 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠥᠬᠦ ᠣᠷᠣᠨ ᠤ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠢ ᠴᠡᠭᠴᠡᠯᠡᠨ ᠵᠠᠰᠠᠯᠲᠠ ᠵᠢᠴᠢ ᠤᠷᠳᠤ ᠬᠤᠭᠤᠴᠠᠭᠠᠨ ᠤ ᠪᠦᠳᠦᠮᠵᠢᠳᠦ ᠲᠣᠭᠲᠠᠴᠠ ᠶᠢᠨ ᠪᠠᠶᠢᠭᠤᠯᠤᠯᠲᠠ ᠶᠢᠨ ᠵᠣᠬᠢᠴᠠᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠨᠢ ︽ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠳᠡᠮᠦᠷ ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠶ ᠺᠣᠮᠫᠠᠨᠢ ᠶᠢᠨ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠣᠷᠣᠨ ᠤ ᠲᠡᠮᠦᠷ ᠵᠠᠮ ᠤᠨ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠭᠰᠡᠨ ᠪᠦᠭᠡᠳ ᠳᠠᠷᠠᠭ᠎ᠠ ᠱᠠᠲᠤᠨ ᠤ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠡᠮᠦᠷ ᠵᠠᠮ ᠤᠨ ᠲᠡᠭᠡᠭᠡᠪᠦᠷᠢ ᠶᠢᠨ ᠡᠵᠡᠩᠨᠡᠯᠲᠡ ᠶᠢᠨ ᠶᠡᠷᠦᠩᠬᠡᠶ ᠤᠷᠲᠤ ᠨᠢ 1.37 ᠲᠦᠮᠡᠨ ᠺᠢᠯᠣᠮᠧᠲᠷ ᠪᠠᠶᠢᠳᠠᠭ᠂ ᠭᠡᠪᠡᠴᠦ ᠲᠡᠮᠦᠷ ᠵᠠᠮ ᠤᠨ ᠭᠠᠳᠠᠭᠠᠳᠤ ᠠᠮᠤᠷ ᠲᠦᠪᠰᠢᠨ ᠣᠷᠴᠢᠨ ᠲᠤᠭᠤᠷᠢᠨ ᠤ ᠪᠠᠶᠢᠳᠠᠯ ᠲᠡᠶᠢᠮᠦ ᠰᠠᠶᠢᠨ ᠪᠢᠰᠢ ᠪᠠᠶᠢᠵᠤ᠂ ᠲᠠᠩᠱᠠᠨ ᠠᠴᠠ ᠬᠥᠬᠡᠬᠤᠲᠠ ᠬᠦᠷᠬᠦ ᠱᠤᠭᠤᠮ ᠤᠨ ᠪᠠᠷᠢᠯᠭ᠎ᠠ ᠶᠢᠨ ᠲᠡᠷᠭᠡ ᠬᠦᠰᠭᠡ ᠭᠤᠤᠯ ᠱᠤᠭᠤᠮ ᠢ ᠤᠭᠲᠤᠯᠵᠤ ᠭᠠᠷᠤᠭᠰᠠᠨ᠂ ᠪᠡᠭᠡᠵᠢᠩ ᠠᠴᠠ ᠪᠤᠭᠤᠲᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠡᠮᠦᠷ ᠬᠠᠪᠲᠠᠰᠤ ᠭᠤᠤᠯ ᠱᠤᠭᠤᠮ ᠢ ᠪᠦᠷᠬᠦᠭᠰᠡᠨ᠂ ᠬᠥᠬᠡᠬᠤᠲᠠ ᠠᠴᠠ ᠵᠤᠩᠭᠠᠷ ᠬᠦᠷᠬᠦ ᠱᠤᠭᠤᠮ ᠤᠨ ᠨᠦᠬᠡᠨ ᠵᠡᠮ ᠤᠨ ᠳᠡᠭᠡᠷ᠎ᠡ ᠲᠠᠯ᠎ᠠ ᠳᠤ ᠬᠠᠤᠯᠢ ᠪᠤᠰᠤ ᠪᠠᠷ ᠦᠷᠦᠮᠳᠡᠵᠦ ᠪᠠᠷᠢᠯᠭ᠎ᠠ ᠪᠠᠷᠢᠭᠰᠠᠨ ᠵᠡᠷᠭᠡ ᠲᠡᠭᠡᠭᠡᠪᠦᠷᠢ ᠶᠢᠨ ᠠᠮᠤᠷ ᠲᠦᠪᠰᠢᠨ ᠢ ᠰᠦᠷᠳᠡᠭᠦᠯᠦᠭᠰᠡᠨ ᠠᠳᠡᠯ ᠪᠣᠯᠤᠨ ᠭᠡᠮ ᠰᠤᠭᠤᠭ ᠭᠠᠷᠴᠦ ᠦᠩᠭᠡᠷᠡᠪᠡ᠃      ᠣᠳᠣᠬᠠᠨ ᠪᠣᠯᠲᠠᠯ᠎ᠠ᠂ ᠪᠡᠭᠡᠵᠢᠩ ᠠᠴᠠ ᠪᠤᠭᠤᠲᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠳᠤ ᠭᠠᠳᠠᠭᠠᠳᠤ ᠣᠷᠴᠢᠨ ᠲᠣᠭᠤᠷᠢᠨ ᠤ ᠭᠡᠮ ᠰᠤᠭᠤᠭ 348 ᠣᠷᠣᠰᠢᠵᠤ ᠪᠠᠶᠢᠨ᠎ᠠ᠂ ᠡᠭᠦᠨ ᠳᠤ ᠲᠡᠮᠦᠷ ᠭᠡᠷ᠂ ᠲᠤᠭᠤᠰᠤ ᠬᠤᠷᠢᠭᠯᠠᠬᠤ ᠲᠤᠤᠷ᠂ ᠰᠦᠯᠢᠶᠣᠣ ᠰᠠᠷᠠᠪᠴᠢ ᠵᠡᠷᠭᠡ ᠬᠥᠪᠦᠮᠡᠯ ᠪᠤᠳᠠᠰ ᠤᠨ ᠭᠡᠮ ᠰᠤᠭᠤᠭ 292᠂ ᠪᠠᠷᠢᠯᠭ᠎ᠠ ᠶᠢᠨ ᠵᠦᠢᠯ 2᠂ ᠬᠠᠤᠯᠢ ᠶᠢ ᠵᠤᠷᠢᠴᠡᠭᠰᠡᠨ ᠪᠠᠷᠢᠯᠭ᠎ᠠ 10᠂ ᠭᠠᠵᠠᠷ ᠳᠣᠣᠷᠠᠬᠢ ᠤᠰᠤ ᠶᠢ ᠲᠠᠲᠠᠭᠰᠠᠨ ᠶᠠᠪᠤᠳᠠᠯ 14᠂ ᠵᠠᠰᠠᠮᠠᠯ ᠵᠠᠮ ᠲᠡᠮᠦᠷ ᠵᠠᠮ ᠵᠡᠷᠭᠡᠴᠡᠵᠦ ᠪᠠᠶᠢᠬᠤ᠂ ᠡᠯᠭᠦᠮᠡᠯ ᠬᠥᠭᠦᠷᠭᠡ ᠶᠢᠨ ᠲᠥᠷᠥᠯ 9᠂ ᠤᠨᠠᠵᠤ ᠮᠡᠳᠡᠬᠦ ᠲᠥᠷᠥᠯ ︵ᠱᠣᠩ ᠰᠤᠪᠤᠷᠭ᠎ᠠ︶ 7᠂ ᠪᠤᠰᠤᠳ ᠭᠡᠮ ᠰᠤᠭᠤᠭ 14 ᠪᠠᠶᠢᠵᠤ᠂ ᠨᠢᠭᠡᠨᠲᠡ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠳᠤ ︽ᠠᠮᠤᠷ ᠲᠦᠪᠰᠢᠨ ᠤ ᠬᠡᠮ ᠰᠣᠭᠤᠭ ᠢ ᠮᠡᠳᠡᠭᠳᠡᠬᠦ ᠪᠢᠴᠢᠭ︾ ᠢ 143 ᠬᠤᠪᠢ ᠲᠠᠷᠬᠠᠭᠠᠵᠠᠢ᠃ ᠣᠳᠣᠬᠠᠨ ᠳᠤ ᠨᠢᠭᠡᠨᠲᠡ ᠪᠡᠭᠡᠵᠢᠩ ᠠᠴᠠ ᠪᠤᠭᠤᠲᠤ ᠬᠦᠷᠬᠦ ᠱᠤᠭᠤᠮ ᠤᠨ ᠤᠯᠠᠭᠠᠨᠴᠠᠪ ᠬᠤᠲᠠ ᠶᠢᠨ ᠵᠢᠨᠢᠩ ᠤᠨ ᠡᠮᠦᠨ᠎ᠡ ᠦᠷᠲᠡᠭᠡ ᠶᠢᠨ K496+816 ᠬᠥᠭᠦᠷᠭᠡᠨ ᠳᠤᠤᠷᠠᠬᠢ ᠪᠣᠬᠢᠷᠲᠤᠯ ᠪᠣᠳᠠᠰ ᠢ ᠭᠠᠳᠠᠭᠰᠢᠯᠠᠭᠤᠯᠬᠤ᠂ ᠪᠤᠭᠤᠲᠤ ᠬᠤᠲᠠ ᠶᠢᠨ ᠭᠦᠶᠡᠩ ᠰᠢᠶᠠᠨ ᠤ ᠪᠤᠭᠤᠲᠤ ᠠᠴᠠ ᠪᠠᠶ᠋ᠬᠠᠤᠪᠤᠭ᠎ᠠ ᠬᠦᠷᠬᠦ ᠱᠤᠭᠤᠮ ᠤᠨ K84+960 ᠬᠠᠪᠲᠠᠭᠠᠢ ᠶᠢ ᠪᠤᠰᠤᠭᠠᠴᠢᠯᠠᠬᠤ ᠵᠡᠷᠭᠡ ᠶᠡᠭᠡ ᠣᠯᠠᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠡᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠤᠷᠳᠤᠴᠠᠲᠤ ᠲᠡᠮᠦᠷ ᠵᠠᠮ ᠤᠨ 200 ᠮᠧᠲᠷ ᠤᠨ ᠬᠡᠪᠴᠢᠶᠡᠨ ᠳᠠᠬᠢ ᠭᠠᠵᠠᠷ ᠳᠣᠣᠷᠠᠬᠢ ᠤᠰᠤ ᠶᠢ ᠲᠠᠲᠠᠬᠤ᠂ ᠵᠠᠮ ᠬᠠᠷᠢᠯᠴᠠᠭᠠᠨ ᠤ ᠪᠠ ᠮᠠᠰᠢᠨ ᠲᠡᠷᠭᠡ ᠲᠡᠮᠦᠷ ᠵᠠᠮ ᠤᠨ ᠵᠡᠷᠭᠡᠴᠡᠭᠡ ᠠᠶᠠᠯᠠᠯ ᠵᠡᠷᠭᠡ ᠠᠮᠤᠷ ᠲᠦᠪᠰᠢᠨ ᠤ ᠳᠠᠯᠳᠠ ᠭᠡᠮ ᠵᠢᠴᠢ ᠲᠡᠮᠦᠷ ᠵᠡᠮ ᠤᠨ ᠬᠤᠶᠠᠷ ᠬᠠᠵᠠᠭᠤ ᠶᠢᠨ ᠡᠯᠡᠰᠦ ᠶᠢ ᠮᠠᠯᠲᠠᠬᠤ᠂ ᠭᠤᠣᠯ ᠮᠥᠷᠡᠨ ᠤ ᠤᠰᠤᠨ ᠵᠠᠮ ᠳᠤ ᠡᠯᠡᠰᠦ ᠮᠠᠯᠲᠠᠵᠤ ᠠᠯᠳᠠ ᠲᠤᠩᠭᠠᠬᠤ ᠵᠡᠷᠭᠡ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号