2019 ᠣᠨ ᠤ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠴᠤᠭᠯᠠᠭᠤᠯᠬᠤ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2018/10/31
     10 ᠳ᠋ᠤᠭᠠᠷ ᠰᠠᠷ᠎ᠠ ᠶᠢᠨ 27᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ︽2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠯᠲᠡ ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠴᠤᠭᠯᠠᠭᠤᠯᠬᠤ ᠠᠷᠭ᠎ᠠ︾᠎ ᠶᠢ ᠨᠡᠶᠢᠲᠡᠯᠡᠪᠡ᠂ ᠡᠨᠡ ᠨᠢ 2019 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      2019 ᠣᠨ ᠤ ᠨᠡᠷ᠎ᠡ ᠮᠡᠳᠡᠭᠦᠯᠦᠨ ᠰᠢᠯᠭᠠᠭᠤᠯᠬᠤ ᠲᠥᠷᠥᠯ ᠢ ᠡᠩ ᠤᠨ ᠲᠥᠷᠥᠯ᠂ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠰᠣᠷᠣᠭᠴᠢ ᠡᠯᠰᠡᠬᠦ ᠵᠡᠷᠭᠡ ᠳᠥᠷᠪᠡᠨ ᠲᠥᠷᠥᠯ ᠬᠤᠪᠢᠶᠠᠨ᠎ᠠ᠃      ᠤᠷᠠᠯᠢᠭ ᠤᠨ ᠲᠥᠷᠥᠯ ᠤᠨ ᠨᠡᠷ᠎ᠡ ᠮᠡᠳᠡᠭᠦᠯᠦᠨ ᠰᠢᠯᠭᠠᠭᠤᠯᠬᠤ ᠲᠥᠷᠥᠯ ᠳᠤ᠄ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ ᠪᠣᠯᠣᠨ ᠪᠤᠰᠤᠳ ᠤᠷᠠᠯᠢᠭ ᠤᠨ ᠲᠥᠷᠥᠯ ᠪᠠᠭᠲᠠᠨ᠎ᠠ᠃ ᠤᠷᠠᠯᠢᠭ ᠤᠨ ᠲᠥᠷᠥᠯ ᠳ᠋ᠠ ᠨᠡᠷ᠎ᠡ ᠮᠡᠳᠡᠭᠦᠯᠦᠨ ᠰᠢᠯᠭᠠᠭᠤᠯᠤᠭᠴᠢᠳ ᠵᠥᠪᠬᠡᠨ ᠳᠡᠭᠡᠷ᠎ᠡ ᠳᠤᠷᠠᠳᠤᠭᠰᠠᠨ ᠲᠥᠷᠥᠯ ᠤᠨ ᠳᠣᠲᠣᠷ᠎ᠠ ᠠᠴᠠ ᠨᠢᠭᠡ ᠶᠢ ᠯᠡ ᠰᠣᠩᠭᠤᠵᠦ ᠪᠣᠯᠣᠨ᠎ᠠ᠂ ᠲᠦᠷᠦᠯ ᠠᠯᠤᠰᠯᠠᠨ ᠨᠡᠷ᠎ᠡ ᠮᠡᠳᠡᠭᠦᠯᠵᠦ ᠪᠣᠯᠬᠤ ᠦᠭᠡᠢ᠃ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ ᠳ᠋ᠠ ᠪᠥᠬᠦ ᠣᠷᠣᠨ ᠤ ᠨᠢᠭᠡᠳᠦᠯᠲᠡᠶ ᠰᠢᠯᠭᠠᠯᠲᠠ ᠶᠢ ᠬᠡᠷᠡᠭᠵᠢᠭᠦᠯᠦᠨ᠎ᠡ᠂ ᠬᠡᠷᠪᠡ ᠰᠢᠯᠭᠠᠭᠤᠯᠤᠭᠴᠢ ᠶᠢᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠪᠡᠯ ᠰᠠᠶ᠋ᠢ ᠨᠡᠷ᠎ᠡ ᠮᠡᠳᠡᠭᠦᠯᠦᠨ ᠰᠢᠯᠭᠠᠭᠤᠯᠬᠤ ᠭᠡᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠢᠶᠠᠨ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠵᠤ ᠪᠣᠯᠤᠨ᠎ᠠ︔ ᠪᠤᠰᠤᠳ ᠤᠷᠠᠯᠢᠭ ᠤᠨ ᠲᠥᠷᠥᠯ ᠳᠠᠬᠢ ᠬᠡᠰᠡᠭ ᠪᠦᠯᠦᠭ ᠲᠤᠰᠬᠠᠶ ᠮᠡᠷᠭᠡᠵᠢᠯ ᠳᠤ ᠪᠥᠬᠦ ᠣᠷᠣᠨ ᠤ ᠬᠠᠮᠲᠤᠷᠠᠭᠰᠠᠨ ᠰᠢᠯᠭᠠᠯᠲᠠ ᠶᠢ ᠬᠡᠷᠡᠭᠵᠢᠭᠦᠯᠦᠨ᠎ᠡ᠂ ᠰᠢᠯᠭᠠᠭᠤᠯᠤᠭᠴᠢᠳ ᠪᠥᠬᠦ ᠣᠷᠣᠨ ᠤ ᠬᠠᠮᠲᠤᠷᠠᠭᠰᠠᠨ ᠰᠢᠯᠭᠠᠯᠲᠠ ᠪᠤᠶᠤ ᠰᠤᠷᠭᠠᠭᠤᠯᠢ ᠶᠢᠨ ᠰᠢᠯᠭᠠᠯᠲᠠ ᠳᠤ ᠣᠷᠤᠯᠴᠠᠵᠤ ᠪᠣᠯᠣᠨ᠎ᠠ︔ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠰᠣᠷᠣᠭᠴᠢ ᠡᠯᠰᠡᠬᠦ ᠲᠦᠷᠥᠯ ᠤᠨ ᠤᠷᠠᠨ ᠵᠢᠷᠤᠭ ᠲᠥᠯᠥᠪᠯᠡᠭᠡ ᠶᠢᠨ ᠲᠥᠷᠥᠯ ᠳ᠋ᠠ ᠰᠢᠯᠭᠠᠭᠤᠯᠤᠭᠴᠢᠳ ᠪᠥᠬᠦ ᠣᠷᠣᠨ ᠤ ᠤᠷᠠᠨ ᠵᠢᠷᠤᠭ ᠤᠨ ᠲᠥᠷᠥᠯ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠬᠡᠷᠡᠭᠲᠡᠢ᠃      ᠤᠷᠠᠯᠢᠭ ᠤᠨ ᠲᠥᠷᠥᠯ ᠤᠨ ᠳᠣᠲᠣᠷᠠᠬᠢ ᠮᠠᠨ ᠤ ᠣᠷᠣᠨ ᠤ ᠵᠣᠬᠢᠶᠠᠨ ᠪᠠᠶᠢᠭᠤᠯᠬᠤ ᠬᠠᠮᠲᠤᠷᠠᠭᠰᠠᠨ ᠰᠢᠯᠭᠠᠯᠲᠠ ᠶᠢᠨ ᠲᠤᠰᠬᠠᠶ ᠮᠡᠷᠭᠡᠵᠢᠯ ︵ᠲᠥᠷᠥᠯ︶᠎ ᠳᠤ᠄ ᠨᠡᠪᠲᠡᠷᠡᠭᠦᠯᠦᠭᠴᠢ ᠬᠢᠭᠡᠳ ᠬᠥᠲᠥᠯᠥᠭᠴᠢ ᠶᠢᠨ ᠤᠷᠠᠯᠢᠭ᠂ ᠨᠡᠪᠲᠡᠷᠡᠭᠦᠯᠦᠭᠴᠢ ᠬᠢᠭᠡᠳ ᠬᠥᠲᠥᠯᠥᠭᠴᠢ ᠶᠢᠨ ᠤᠷᠠᠯᠢᠭ ︵ᠮᠣᠩᠭᠤᠯ ᠢᠶᠠᠷ ᠬᠢᠴᠢᠶᠡᠯᠯᠡᠬᠦ︶᠂ ᠠᠶ᠎ᠠ ᠵᠣᠬᠢᠶᠠᠬᠤ ᠪᠠ ᠠᠶ᠎ᠠ ᠵᠣᠬᠢᠶᠠᠬᠤ ᠮᠡᠷᠭᠡᠵᠢᠯ ᠤᠨ ᠤᠨᠤᠯ᠂ ᠪᠥᠵᠢᠭ ᠤᠨ ᠲᠦᠷᠦᠯ᠂ ᠲᠣᠭᠯᠠᠯᠲᠠ ︵ᠰᠢ ᠵᠦᠴᠦᠭᠡ ᠺᠢᠨᠣ᠋ ᠲᠧᠯᠸᠢᠰ ᠤᠨ ᠲᠣᠭᠯᠠᠯᠲᠠ︶᠂ ᠲᠣᠭᠯᠠᠯᠲᠠ ︵ᠬᠤᠶᠠᠷ ᠬᠥᠮᠦᠨ ᠤ ᠵᠢᠷᠭᠢᠶ᠎ᠡ ᠲᠣᠭᠯᠠᠯᠲᠠ︶᠂ ᠲᠣᠭᠯᠠᠯᠲᠠ ︵ᠬᠤᠪᠴᠠᠰᠤ ᠬᠤᠨᠠᠷ ᠵᠢᠷᠤᠵᠤ ᠲᠥᠯᠥᠪᠯᠡᠬᠦ ᠪᠠ ᠲᠣᠭᠯᠠᠯᠲᠠ︶᠂ ᠲᠣᠭᠯᠠᠯᠲᠠ ︵ᠳᠠᠭᠤᠤ ᠬᠥᠭᠵᠢᠮᠲᠦ ᠵᠦᠴᠦᠭᠡ ᠲᠣᠭᠯᠠᠬᠤ︶᠃      ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠨ ᠰᠢᠯᠭᠠᠬᠤ ᠪᠤᠶᠤ ᠬᠠᠪᠰᠤᠷᠭᠠᠨ ᠰᠢᠯᠭᠠᠬᠤ ᠰᠤᠷᠤᠭᠴᠢᠳ ᠳᠡᠭᠡᠷ᠎ᠡ ᠳᠤᠷᠠᠳᠤᠭᠰᠠᠨ ᠬᠠᠮᠲᠤᠷᠠᠭᠰᠠᠨ ᠰᠢᠯᠭᠠᠯᠲᠠ ᠶᠢᠨ ᠲᠤᠰᠬᠠᠢ ᠮᠡᠷᠭᠡᠵᠢᠯ ᠠᠴᠠ ᠬᠠᠮᠤᠭ ᠤᠨ ᠠᠷᠪᠢᠨ ᠳᠤ ᠪᠠᠨ 2 ᠲᠥᠷᠥᠯ ᠢ ᠰᠣᠩᠭᠤᠵᠤ ᠪᠣᠯᠤᠨ᠎ᠠ᠃      ᠪᠡᠶ᠎ᠡ ᠶᠢᠨ ᠲᠠᠮᠢᠷ ᠤᠨ ᠲᠤᠰᠬᠠᠶ ᠵᠦᠢᠯ ᠤᠨ ᠰᠣᠩᠭᠤᠯᠲᠠ᠄ ᠰᠢᠯᠭᠠᠭᠤᠯᠤᠭᠴᠢ ᠨᠡᠷ᠎ᠡ ᠮᠡᠳᠡᠭᠦᠯᠬᠦ ᠦᠶ᠎ᠡ ᠳᠤ ᠪᠡᠶ᠎ᠡ ᠶᠢᠨ ᠲᠠᠮᠢᠷ ᠤᠨ ᠲᠤᠰᠬᠠᠶ ᠵᠦᠢᠯ ᠢ ᠰᠣᠩᠭᠤᠬᠤ ᠬᠡᠷᠡᠭᠲᠡᠢ᠂ ᠡᠯᠰᠡᠬᠦ ᠦᠶ᠎ᠡ ᠳᠤ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠶᠡᠭᠡ ᠳᠡᠭᠡᠳᠦ ᠰᠤᠷᠭᠠᠭᠤᠯᠢ ᠳᠤ ᠨᠢ ᠲᠤᠰ ᠮᠡᠳᠡᠭᠡ ᠵᠠᠩᠭᠢ ᠶᠢ ᠬᠠᠩᠭᠠᠨ᠎ᠠ᠂ ᠭᠡᠪᠡᠴᠦ ᠪᠡᠶ᠎ᠡ ᠶᠢᠨ ᠲᠠᠮᠢᠷ ᠤᠨ ᠲᠥᠷᠥᠯ ᠤᠨ ᠰᠢᠯᠭᠠᠭᠤᠯᠤᠭᠴᠢᠳ ᠲᠤ ᠲᠤᠰᠬᠠᠶ ᠵᠦᠢᠯ ᠤᠨ ᠰᠢᠯᠭᠠᠯᠲᠠ ᠬᠢᠬᠦ ᠦᠭᠡᠢ᠃      ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ ᠠᠩᠭᠢ ᠶᠢᠨ ᠨᠡᠷ᠎ᠡ ᠮᠡᠳᠡᠭᠦᠯᠬᠦ᠄ ᠰᠢᠯᠭᠠᠭᠤᠯᠤᠭᠴᠢᠳ ᠥᠪᠡᠷᠲᠡᠭᠡᠨ ᠵᠠᠰᠠᠬᠤ ᠣᠷᠣᠨ ᠪᠤᠶᠤ ᠪᠦᠬᠦ ᠤᠯᠤᠰ ᠤᠨ ᠨᠢᠭᠡᠳᠦᠯᠲᠡᠶ ᠬᠢᠨᠠᠨ ᠰᠢᠯᠭᠠᠯᠲᠠ ᠳᠤ ᠣᠷᠤᠯᠴᠠᠬᠤ ᠴᠢᠬᠤᠯᠠᠲᠠᠢ᠂ ᠬᠢᠨᠠᠨ ᠰᠢᠯᠭᠠᠯᠲᠠ ᠳᠤ ᠬᠢᠷᠢ ᠲᠡᠩᠴᠡᠬᠦ ᠦᠭᠡᠢ ᠪᠣᠯ ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ ᠠᠩᠭᠢ ᠶᠢᠨ ᠰᠤᠷᠤᠭᠴᠢ ᠡᠯᠰᠡᠬᠦ ᠬᠢᠷᠢ ᠬᠡᠮ ᠪᠠᠶᠢᠬᠤ ᠦᠭᠡᠢ᠃      ᠰᠢᠯᠭᠠᠭᠤᠯᠤᠭᠴᠢ ᠶᠢᠨ ᠣᠨᠴᠠᠯᠢᠭ ᠤᠨ ᠰᠣᠩᠭᠤᠯᠲᠠ᠄ ᠰᠢᠯᠭᠠᠭᠤᠯᠤᠭᠴᠢᠳ ᠨᠢᠭᠡᠨᠲᠡ ᠣᠯᠤᠭᠰᠠᠨ ᠪᠤᠶᠤ ᠪᠦᠷᠢᠯᠳᠦᠭᠦᠯᠦᠭᠰᠡᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠠᠷᠠᠭᠠᠯᠵᠠᠯ ᠬᠦᠷᠲᠡᠬᠦ ᠲᠥᠷᠥᠯ ᠵᠦᠶᠯ ᠢᠶᠠᠨ ᠦᠨᠳᠦᠰᠦᠯᠡᠨ ᠵᠣᠬᠢᠴᠠᠩᠭᠤᠶ ᠪᠦᠬᠦᠢ ᠰᠢᠯᠭᠠᠭᠤᠯᠤᠭᠴᠢ ᠶᠢᠨ ᠣᠨᠴᠠᠯᠢᠭ ᠢᠶᠠᠨ ᠰᠣᠩᠭᠤᠬᠤ ᠪᠥᠭᠡᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠪᠣᠯᠣᠨ ᠬᠠᠭᠤᠯᠪᠤᠷᠢ ᠶᠢ ᠬᠠᠩᠭᠠᠬᠤ ᠬᠡᠷᠡᠭᠲᠡᠢ︔ ᠰᠢᠯᠭᠠᠭᠤᠯᠤᠭᠴᠢ ᠶᠢᠨ ᠣᠨᠴᠠᠯᠢᠭ ᠢ ᠰᠣᠩᠭᠤᠭᠰᠠᠨ ᠦᠭᠡᠢ ᠪᠠᠶᠢᠪᠠᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠠᠷᠠᠭᠠᠯᠵᠠᠯ ᠢ ᠰᠠᠶᠢᠨ ᠳᠤᠷ᠎ᠠ ᠠᠴᠠ ᠲᠠᠶᠠᠭᠳᠠᠭᠰᠠᠨ ᠢᠶᠠᠷ ᠦᠵᠡᠨ᠎ᠡ᠂ ᠨᠡᠷ᠎ᠡ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ ᠶᠠᠮᠠᠷ ᠴᠤ ᠭᠤᠶᠤᠴᠢᠯᠠᠭᠠᠳᠤᠢ ᠪᠠᠶᠢᠭ᠎ᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠠᠷᠠᠭᠠᠯᠵᠠᠯ ᠤᠨ ᠬᠡᠷᠡᠭ ᠶᠠᠪᠤᠳᠠᠯ ᠢ ᠳᠠᠭᠢᠵᠤ ᠬᠦᠯᠢᠶᠡᠨ ᠠᠪᠴᠤ ᠰᠢᠶᠳᠪᠦᠷᠢᠯᠡᠬᠦ ᠦᠭᠡᠶ᠃ ᠡᠯ᠎ᠡ ᠲᠥᠷᠥᠯ ᠤᠨ ᠡᠩ ᠲᠡᠷᠢᠭᠦᠨ ᠳᠤ ᠡᠯᠰᠡᠬᠦ ᠨᠦᠭᠦᠴᠡᠯ ᠢ ᠰᠤᠷᠭᠠᠨ ᠬᠥᠮᠦᠵᠢᠯ ᠤᠨ ᠶᠠᠮᠤᠨ ᠤ ᠣᠨ ᠤ ᠰᠤᠷᠤᠭᠴᠢ ᠡᠯᠰᠡᠬᠦ ᠪᠢᠴᠢᠭ ᠮᠠᠲ᠋ᠧᠷᠢᠶᠠᠯ ᠪᠤᠶᠤ ᠪᠤᠰᠤᠳ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠲᠤᠰᠬᠠᠶ ᠲᠥᠯᠥᠪᠯᠡᠭᠡ ᠪᠣᠯᠣᠨ ᠰᠤᠷᠤᠯᠭ᠎ᠠ ᠶᠢᠨ ᠰᠦᠶᠳᠬᠡᠯ ᠬᠤᠷᠢᠶᠠᠬᠤ ᠥᠬᠡᠶ ᠠᠨᠠᠭᠠᠬᠤ ᠤᠬᠠᠭᠠᠨ ᠤ ᠬᠠᠨᠳᠤᠯᠭᠠᠲᠤ ᠰᠤᠷᠤᠭᠴᠢᠳ ᠤᠨ ᠲᠦᠷᠦᠯ ᠵᠦᠢᠯ ᠤᠨ ᠰᠣᠩᠭᠤᠯᠲᠠ᠄ ᠡᠯᠰᠡᠬᠦ ᠦᠶ᠎ᠡ ᠳᠤ ᠤᠯᠤᠰ ᠤᠨ ᠲᠤᠰᠬᠠᠶ ᠲᠥᠯᠥᠪᠯᠡᠭᠡ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ᠂ ᠣᠷᠣᠨ ᠨᠤᠲᠤᠭ ᠤᠨ ᠲᠤᠰᠬᠠᠶ ᠲᠥᠯᠥᠪᠯᠡᠭᠡ ᠵᠢᠴᠢ ᠰᠤᠷᠤᠯᠭ᠎ᠠ ᠶᠢᠨ ᠰᠦᠶᠳᠬᠡᠯ ᠬᠤᠷᠢᠶᠠᠬᠤ ᠥᠬᠡᠶ ᠠᠨᠠᠭᠠᠬᠤ ᠤᠬᠠᠭᠠᠨ ᠤ ᠬᠠᠨᠳᠤᠯᠭᠠᠲᠤ ᠰᠤᠷᠤᠭᠴᠢ ᠶᠢᠨ ᠡᠷᠡᠮᠡᠯᠵᠡᠯ ᠢ ᠲᠠᠭᠯᠠᠨ ᠮᠡᠳᠡᠭᠦᠯᠬᠦ ᠭᠡᠵᠦ ᠪᠠᠶᠢᠭ᠎ᠠ ᠰᠢᠯᠭᠠᠭᠤᠯᠤᠭᠴᠢᠳ ᠤᠷᠢᠳᠴᠢᠯᠠᠭᠰᠠᠨ ᠨᠡᠷ᠎ᠡ ᠮᠡᠳᠡᠭᠦᠯᠦᠯᠲᠡ ᠳᠤ ᠡᠷᠬᠡᠪᠰᠢ ᠵᠣᠬᠢᠴᠠᠩᠭᠤᠶ ᠲᠥᠷᠥᠯ ᠵᠦᠢᠯ ᠢ ᠰᠣᠩᠭᠤᠬᠤ ᠪᠦᠭᠡᠳ ᠱᠠᠭᠠᠷᠳᠠᠯᠭ᠎ᠠ ᠶᠣᠰᠣᠭᠠᠷ ᠡᠴᠢᠭᠡ ᠡᠬᠡ ︵ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠬᠢᠭᠡᠳ ᠲᠤᠰ ᠬᠥᠮᠦᠨ ᠤ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠪᠣᠯᠤᠨ ᠬᠠᠭᠤᠯᠪᠤᠷᠢ ᠮᠠᠲ᠋ᠧᠷᠢᠶᠠᠯ ᠢ ᠬᠠᠩᠭᠠᠵᠤ᠂ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠰᠢᠯᠭᠠᠭᠤᠯᠤᠭᠴᠢᠳ ᠰᠠᠶ᠋ᠢ ᠨᠡᠷ᠎ᠡ ᠮᠡᠳᠡᠭᠦᠯᠬᠦ ᠬᠢᠷᠢ ᠬᠡᠮ ᠲᠠᠢ︔ ᠰᠣᠩᠭᠤᠭᠰᠠᠨ ᠥᠬᠡᠶ ᠪᠠᠶᠢᠪᠠᠯ᠂ ᠬᠠᠮᠢᠶ᠎ᠠ ᠪᠦᠬᠦᠢ ᠰᠣᠷᠣᠭᠴᠢ ᠡᠯᠰᠡᠬᠦ ᠲᠥᠯᠥᠪᠯᠡᠭᠡ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠢᠶᠠᠨ ᠲᠠᠶᠠᠭᠳᠠᠭᠰᠠᠨ ᠢᠶᠠᠷ ᠦᠵᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号