2020 ᠣᠨ ᠳᠤ ᠮᠠᠨ ᠤ ᠣᠷᠣᠨ ᠭᠠᠴᠠᠭ᠎ᠠ ᠪᠣᠯᠭᠠᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠠᠷ ᠪᠤᠢ
ᠨᠡᠶᠢᠲᠡᠯᠡᠭᠰᠡᠨ ᠴᠠᠭ᠄
2018/10/8
     2020 ᠣᠨ ᠤ ᠵᠢᠯ ᠤᠨ ᠡᠴᠦᠰ ᠪᠣᠯᠲᠠᠯ᠎ᠠ᠂ ᠪᠥᠬᠦ ᠣᠷᠣᠨ ᠤ ᠪᠤᠢ ᠪᠥᠬᠦᠢ ᠨᠥᠬᠦᠴᠡᠯ ᠪᠦᠷᠢᠯᠳᠦᠭᠦᠯᠦᠭᠰᠡᠨ ᠬᠠᠰᠤᠵᠤ ᠨᠡᠶᠢᠯᠡᠭᠦᠯᠦᠭᠰᠡᠨ ᠪᠠᠶᠢᠭᠤᠯᠤᠯᠳᠤ ᠲᠣᠰᠬᠤᠨ ᠪᠣᠯᠤᠨ ᠨᠥᠬᠦᠴᠡᠯ ᠪᠦᠷᠢᠯᠳᠦᠭᠦᠯᠦᠭᠰᠡᠨ ᠤᠯᠤᠰ ᠤᠨ ᠦᠮᠴᠢᠯᠡᠯᠲᠦ ᠤᠢ ᠰᠢᠭᠤᠶ ᠶᠢᠨ ᠲᠠᠯᠠᠪᠠᠢ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢᠨ ᠬᠠᠮᠲᠤ ︽ᠠᠶᠢᠮᠠᠭ ᠬᠤᠲᠠ ᠳᠤ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ᠳᠤ ᠪᠠᠭᠤᠯᠭᠠᠵᠤ ᠰᠠᠯᠭᠠᠨ ᠲᠣᠬᠢᠷᠠᠭᠤᠯᠬᠤ ᠴᠡᠭ ᠲᠠᠢ᠂ ᠰᠢᠶᠠᠩ ᠪᠠᠯᠭᠠᠰᠤᠨ ᠳᠤ ᠥᠷᠲᠡᠭᠡ ᠴᠡᠭ ᠲᠠᠢ᠂ ᠲᠣᠰᠬᠤᠨ ᠪᠦᠷᠢ ᠳᠤ ᠲᠦᠷᠭᠡᠨ ᠢᠯᠡᠭᠡᠮᠵᠢ ᠨᠡᠪᠲᠡᠷᠡᠭᠰᠡᠨ︾ ᠳᠥᠷᠪᠡᠨ ᠱᠠᠲᠤ ᠶᠢᠨ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠶᠢᠨ ᠲᠢᠩᠬᠢᠮ ᠦᠷᠭᠦᠯᠵᠢᠯᠡᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠢᠬᠦ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠵᠢᠷᠭᠤᠭᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠰᠠᠯᠠᠭ᠎ᠠ ᠮᠥᠴᠢᠷ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠤᠨ ᠡᠷᠡᠭᠦᠯ ᠢᠶᠠᠷ ᠬᠥᠭᠵᠢᠬᠦ ᠶᠢ ᠬᠠᠮᠲᠤ ᠪᠠᠷ ᠠᠬᠢᠭᠤᠯᠤᠨ᠎ᠠ︔ ︽ᠵᠠᠮ ᠬᠠᠷᠢᠯᠴᠠᠭ᠎ᠠ + ᠤᠨᠴᠠᠯᠢᠭᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ︾ ᠵᠡᠷᠭᠡ ᠲᠤᠰᠬᠠᠶᠢᠵᠢᠭᠰᠠᠨ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠨᠢᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠬᠡᠨ ᠪᠠᠶᠢᠭᠤᠯᠤᠯᠲᠠ ᠯᠤᠭ᠎ᠠ ᠤᠶᠠᠯᠳᠤᠭᠤᠯᠤᠨ᠎ᠠ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠨᠵᠡᠭᠡᠶᠢᠷᠡᠭᠦᠯᠦᠨ  ᠪᠤᠳᠠᠲᠠᠶᠢᠵᠢᠭᠤᠯᠤᠨ᠎ᠠ︔ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ︔ ᠤᠷᠮᠠᠰᠢᠭᠤᠯᠬᠤ ᠰᠢᠯᠭᠠᠬᠤ ᠶᠢ ᠲᠠᠰᠤᠷᠠᠯᠲᠠ ᠦᠭᠡᠢ ᠴᠢᠩᠭᠠᠳᠬᠠᠨ᠎ᠠ︔ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠪᠣᠯᠣᠨ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠦᠨ᠂ ᠪᠠᠶᠢᠭᠤᠯᠤᠭᠳᠠᠭᠰᠠᠨ ᠵᠠᠰᠠᠮᠠᠯ ᠵᠠᠮ ᠨᠢᠭᠡ ᠪᠦᠷᠢ ᠳᠤ ᠠᠶᠠᠨᠴᠢᠳ ᠤᠨ ᠲᠡᠭᠡᠭᠡᠪᠦᠷᠢ ᠶᠢ ᠪᠦᠷᠬᠦᠭᠦᠯᠬᠦ ᠶᠢ ᠦᠨᠡᠨ ᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠲᠡᠭᠡᠭᠡᠪᠦᠷᠢ ᠪᠣᠯᠣᠨ  ᠪᠠᠷᠠᠭᠠᠨ ᠤ ᠭᠦᠢᠯᠭᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠥᠷᠭᠡᠨ ᠢᠯᠡᠭᠡᠮᠵᠢ ᠶᠢ ᠬᠥᠳᠡᠭᠡ ᠪᠠᠭᠤᠯᠭᠠᠬᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号