ᠮᠠᠨ ᠤ ᠣᠷᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠲᠤᠷᠰᠢᠯᠲᠠ ᠶᠢᠨ ᠲᠠᠰᠤᠭ ᠰᠢᠨ᠎ᠡ ᠪᠠᠷ 7 ᠨᠡᠮᠡᠭᠳᠡᠪᠡ
ᠨᠡᠶᠢᠲᠡᠯᠡᠭᠰᠡᠨ ᠴᠠᠭ᠄
2018/10/8
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 2018 ᠣᠨ ᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠲᠤᠷᠰᠢᠯᠲᠠ ᠶᠢᠨ ᠲᠠᠰᠤᠭ ᠤᠨ ᠮᠠᠭᠠᠳᠯᠠᠯᠲᠠ ᠶᠢᠨ ᠨᠡᠷᠡᠰ ᠢ ᠨᠡᠶᠢᠲᠡᠯᠡᠪᠡ᠂ ᠭᠤᠣᠯᠳᠠᠯᠭᠠᠲᠤ ᠲᠤᠷᠰᠢᠯᠲᠠ ᠶᠢᠨ ᠲᠠᠰᠤᠭ ᠪᠠᠰᠠ 7 ᠨᠡᠮᠡᠭᠳᠡᠪᠡ᠃      ᠲᠣᠰ ᠤᠳᠠᠭ᠎ᠠ ᠰᠢᠨ᠎ᠡ ᠪᠠᠷ ᠵᠥᠪᠰᠢᠶᠡᠷᠡᠭᠦᠯᠦᠨ ᠪᠠᠶᠢᠭᠤᠯᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠲᠤᠷᠰᠢᠯᠲᠠ ᠶᠢᠨ ᠲᠠᠰᠤᠭ ᠨᠢ ᠲᠤᠰ ᠲᠤᠰ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠢᠲᠠᠳ ᠡᠮ ᠤᠨ ᠪᠠᠷᠢᠮᠵᠢᠶ᠎ᠠ ᠶᠢ ᠰᠤᠳᠤᠯᠬᠤ ᠭᠤᠣᠯᠳᠠᠯᠭᠠᠲᠤ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠮ᠎ᠡ ᠲᠡᠵᠢᠭᠡᠯ ᠪᠠ ᠡᠷᠡᠭᠦᠯ ᠮᠡᠨᠳᠦ ᠶᠢᠨ ᠭᠤᠣᠯᠳᠠᠯᠭᠠᠲᠤ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠴᠠᠪᠠᠤᠯᠢᠭ ᠎ ᠤᠨ ᠪᠣᠬᠢᠷᠲᠤᠯ ᠦᠭᠡᠢ ᠦᠢᠯᠡᠳᠬᠡᠯ ᠪᠠ ᠬᠡᠷᠡᠭᠯᠡᠭᠡᠨ ᠤ ᠮᠡᠷᠭᠡᠵᠢᠯ ᠢ ᠰᠣᠳᠣᠯᠬᠤ ᠠᠵᠤ ᠠᠬᠤᠶᠢᠯᠠᠯ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠪᠤᠷᠳᠤᠭᠤᠷ᠂ ᠲᠠᠷᠢᠶᠠᠨ ᠡᠮ ᠢ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠤᠨ ᠠᠵᠤ ᠠᠬᠤᠶᠢᠯᠠᠯ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠮ᠎ᠡ ᠶᠢᠨ ᠲᠦᠯᠡᠰᠢᠨ ᠤ ᠲᠣᠨᠤᠭ ᠤᠨ ᠠᠵᠤ ᠠᠬᠤᠶᠢᠯᠠᠯ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠪᠡᠷ ᠨᠡᠭᠦᠷᠡᠰᠦᠨ ᠤ ᠡᠲ᠋ᠢᠨ ᠮᠡᠷᠭᠡᠵᠢᠯ ᠤᠨ ᠠᠵᠤ ᠠᠬᠤᠶᠢᠯᠠᠯ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠰᠤᠳᠤᠯᠭᠠᠨ ᠬᠢᠭᠡᠳ ᠬᠡᠷᠡᠭᠯᠡᠯᠲᠡ ᠶᠢᠨ ᠭᠤᠣᠯᠳᠠᠯᠭᠠᠲᠤ ᠲᠤᠷᠰᠢᠯᠲᠠ ᠶᠢᠨ ᠲᠠᠰᠤᠭ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠲᠤᠷᠰᠢᠯᠲᠠ ᠶᠢᠨ ᠲᠡᠰᠤᠬ ᠪᠣᠯ ᠮᠠᠨ ᠤ ᠣᠷᠣᠨ ᠤ ᠮᠡᠳᠡᠯᠭᠡ ᠶᠢᠨ ᠰᠢᠨ᠎ᠡ ᠡᠭᠦᠳᠦᠯᠲᠡ ᠪᠣᠯᠣᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠭᠤᠣᠯ ᠡᠭᠦᠷᠭᠡ ᠨᠢ ᠪᠣᠯ ᠰᠢᠨᠵᠢᠯᠡᠬᠦ ᠤᠬᠠᠭᠠᠨ ᠤ ᠬᠤᠰᠢᠭᠤᠷᠠᠯ ᠪᠠ ᠨᠡᠶᠢᠭᠡᠮ᠂ ᠠᠵᠢᠯ ᠳᠦᠷᠦᠯ ᠤᠨ ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠰᠠᠭᠤᠷᠢ ᠰᠤᠳᠤᠯᠭᠠᠨ ᠪᠠ ᠥᠷᠢᠰᠥᠯᠳᠦᠭᠡᠨ ᠤ ᠴᠢᠨᠠᠷᠲᠠᠶ ᠨᠡᠶᠢᠲᠡᠯᠢᠭ ᠴᠢᠨᠠᠷ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠰᠢᠨᠵᠢᠯᠡᠭᠡᠨ ᠤ ᠰᠠᠯᠠᠭ᠎ᠠ ᠪᠣᠯᠣᠨ ᠠᠵᠢᠯ ᠲᠦᠷᠤᠯ ᠤᠨ ᠮᠡᠷᠭᠡᠵᠢᠯ ᠤᠨ ᠲᠡᠪᠰᠢᠯᠳᠡ ᠶᠢ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠶᠠᠪᠤᠳᠠᠯ ᠪᠣᠯᠣᠨ᠎ᠠ᠃ 2003 ᠣᠨ ᠳᠤ ᠡᠨᠡ ᠬᠦ ᠠᠵᠢᠯᠯᠠᠭ᠎ᠠ ᠶᠢ ᠡᠬᠢᠯᠡᠭᠦᠯᠦᠭᠡᠳ ᠤᠳᠤ ᠪᠣᠯᠲᠠᠯ᠎ᠠ᠂ ᠮᠠᠨ ᠤ ᠣᠷᠣᠨ ᠨᠢᠭᠡᠨᠲᠡ ᠡᠯ᠎ᠡ ᠲᠥᠷᠥᠯ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ ᠢ 159 ᠪᠠᠶᠢᠭᠤᠯᠵᠤ᠂ ᠰᠤᠳᠤᠯᠭᠠᠨ ᠤ ᠴᠢᠭᠯᠡᠯ ᠨᠢ ᠤᠰᠤᠨ ᠤ ᠡᠬᠢ ᠪᠠᠶᠠᠯᠢᠭ᠂ ᠨᠡᠭᠦᠷᠡᠰᠦ᠂ ᠮᠣᠩᠭᠤᠯ ᠡᠮᠨᠡᠯᠭᠡ ᠶᠢᠨ ᠬᠢᠮᠢ᠂ ᠲᠡᠬᠢᠨ ᠡᠭᠦᠰᠬᠦ ᠡᠨᠧᠷᠭᠢ᠂ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ ᠵᠡᠷᠭᠡ ᠣᠯᠠᠨ ᠬᠦᠷᠢᠶ᠎ᠡ ᠴᠠᠷᠠᠭᠠᠨ ᠳᠤ ᠬᠤᠯᠪᠣᠭᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号