ᠨᠢᠭᠡ ᠳᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠢᠭᠡᠳᠦᠯᠲᠡᠶ ᠲᠥᠯᠥᠪᠯᠡᠵᠦ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠠᠬᠢᠭᠤᠯᠵᠤ᠂ ᠪᠦᠬᠦ ᠬᠤᠳᠠ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠠᠢ᠃ ᠬᠤᠶᠠᠷ ᠲᠤ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠪᠥᠬᠦ ᠶᠠᠪᠤᠴᠠ ᠶᠢ ᠮᠥᠷᠳᠡᠨ ᠲᠠᠭᠠᠵᠤ ᠦᠢᠯᠡᠴᠢᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠦᠢᠯᠡᠴᠢᠯᠡᠭᠡᠨ ᠤ ᠠᠵᠢᠯ ᠤᠨ | ᠳᠤᠭᠤᠶᠢᠯᠠᠩ ᠪᠠᠶᠢᠭᠤᠯᠵᠤ ᠂ ︽ᠨᠢᠭᠡ ᠠᠵᠤ ᠠᠬᠤᠶᠢᠯᠠᠯ ᠳᠤ ᠨᠢᠭᠡ ᠡᠬᠡ ᠲᠠᠩᠰᠠ︾ ᠪᠠᠶᠢᠭᠤᠯᠤᠨ᠂ ᠲᠤᠰᠬᠠᠢ | ᠬᠥᠮᠥᠨ ᠬᠠᠷᠢᠭᠤᠴᠠᠨ ᠭᠦᠢᠴᠡᠳᠬᠡᠬᠦ ᠶᠢ ᠲᠤᠭᠲᠠᠭᠠᠵᠤ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠴᠠᠭ | ᠲᠤᠬᠠᠶ ᠳᠤᠨᠢ ᠮᠥᠷᠳᠡᠨ ᠣᠶᠢᠯᠠᠭᠠᠵᠤ᠂ ᠲᠣᠭᠲᠠᠮᠠᠯ ᠬᠤᠭᠤᠴᠠᠭ᠎ᠠ ᠲᠠᠢ ᠵᠠᠳᠠᠯᠤᠨ ᠲᠣᠬᠢᠷᠠᠭᠤᠯᠤᠯᠲᠠ ᠬᠢᠵᠦ᠂ ᠠᠵᠤ | ᠠᠬᠤᠶᠢᠯᠠᠯ ᠢ ᠬᠠᠪᠰᠤᠷᠴᠤ ᠪᠠᠶᠢᠭᠠᠳ ᠳᠦᠷᠦᠯ ᠵᠦᠢᠯ ᠢ ᠭᠤᠶᠤᠴᠢᠯᠠᠵᠤ ᠣᠯᠬᠤ ᠪᠠ ᠪᠦᠲᠦᠭᠡᠨ ᠪᠠᠶᠢᠭᠤᠯᠬᠤ | ᠶᠠᠪᠤᠴᠠ ᠳᠤ ᠲᠤᠯᠭᠠᠷᠠᠭᠰᠠᠨ ᠬᠦᠴᠢᠷᠳᠡᠯᠲᠡᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ | ᠤᠷᠤᠭᠰᠢᠲᠠᠶ ᠶᠠᠪᠤᠭᠳᠠᠬᠤ ᠶᠢ ᠲᠦᠯᠬᠢᠨ ᠠᠬᠢᠭᠤᠯᠵᠠᠢ᠃ ᠭᠤᠷᠪᠠ ᠳᠤ ᠭᠤᠣᠯᠳᠠᠯᠭ᠎ᠠ ᠲᠠᠢ ᠲᠦᠷᠦᠯ ᠵᠦᠢᠯ ᠢ | ᠲᠥᠪᠯᠡᠷᠡᠭᠦᠯᠦᠨ ᠬᠠᠮᠲᠤ ᠪᠠᠷ ᠬᠢᠨᠠᠬᠤ ᠲᠣᠭᠲᠠᠴᠠ ᠶᠢ ᠪᠠᠶᠢᠭᠤᠯᠤᠨ᠂ ᠪᠠᠶᠢᠳᠠᠯ ᠢ ᠦᠨᠳᠦᠰᠦᠯᠡᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠪᠦᠬᠦᠶᠢᠯᠡ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠵᠦ᠂ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠨᠠᠢᠳᠠᠴᠢ ᠴᠢᠨᠠᠷ ᠲᠠᠢ ᠠᠰᠠᠭᠤᠳᠠᠯ ᠢ ᠲᠥᠷᠥᠯ ᠬᠤᠪᠢᠶᠠᠨ᠂ ᠨᠠᠷᠢᠨ ᠬᠠᠭᠤᠳᠠᠰᠤ ᠮᠠᠶ᠋ᠢᠭ ᠢᠶᠠᠷ | ᠬᠠᠮᠢᠶᠠᠷᠴᠤ᠂ ᠲᠥᠪᠯᠡᠷᠡᠭᠦᠯᠦᠨ ᠰᠤᠳᠤᠯᠵᠤ ᠰᠢᠪᠲᠤᠯᠤᠯᠲᠠ ᠬᠢᠵᠦ᠂ ᠲᠦᠷᠦᠯ ᠵᠦᠢᠯ ᠤᠨ ᠤᠷᠤᠭᠰᠢᠲᠠᠶ ᠠᠬᠢᠬᠤ ᠶᠢ | ᠦᠨᠡᠨ ᠬᠦ ᠪᠠᠲᠤᠯᠠᠵᠠᠢ᠃ ᠲᠦᠷᠪᠡ ᠳᠤ ᠬᠦᠷᠢᠶᠡᠯᠡᠩ ᠲᠣᠭᠤᠷᠢᠭ ᠬᠢᠭᠡᠳ ᠠᠵᠤ ᠠᠬᠤᠶᠢᠯᠠᠯ ᠯᠤᠭ᠎ᠠ ᠶᠢᠨ | ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ | ᠠᠵᠢᠯ ᠢ ᠰᠠᠶᠢᠲᠤᠷ ᠠᠳᠬᠤᠭᠠᠳ᠂ ᠬᠤᠳᠠᠯᠳᠤᠭᠠᠴᠢᠨ ᠤᠷᠢᠬᠤ ᠤᠯᠠᠮᠵᠢᠯᠠᠯᠲᠤ ᠠᠷᠭ᠎ᠠ ᠶᠢ ᠶᠡᠷᠦᠩᠬᠡᠶᠢᠯᠡᠨ | ᠬᠡᠷᠡᠭᠯᠡᠭᠰᠡᠨ ᠰᠠᠭᠤᠷᠢ ᠳᠡᠭᠡᠷ᠎ᠡ᠂ ᠨᠠᠶᠢᠳᠠᠵᠤ ᠬᠤᠳᠠᠯᠳᠤᠭᠠᠴᠢᠨ ᠤᠷᠢᠬᠤ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ | ︽ᠣᠭᠤᠷᠴᠤᠭ ᠬᠠᠷᠢᠶ᠎ᠠ ᠭᠠᠵᠠᠷ︾ ᠢ ᠬᠠᠮᠲᠤ ᠪᠠᠷ ᠪᠠᠶᠢᠭᠤᠯᠤᠨ ᠬᠤᠳᠠᠯᠳᠤᠭᠠᠴᠢᠨ ᠤᠷᠢᠬᠤ ᠶᠢ ᠲᠤᠷᠰᠢᠨ | ᠦᠷᠨᠢᠭᠦᠯᠦᠭᠰᠡᠨ ᠪᠠ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠬᠤ᠂ ᠪᠦᠲᠦᠭᠡᠨ | ᠪᠠᠶᠢᠭᠤᠯᠬᠤ᠂ ᠬᠤᠳᠠᠯᠳᠤᠭᠠᠴᠢᠨ ᠤᠷᠢᠬᠤ᠂ ᠡᠵᠡᠩᠨᠡᠬᠦ᠂ ᠬᠠᠮᠢᠶᠠᠷᠬᠤ ᠨᠢᠭᠲᠠᠷᠠᠭᠰᠠᠨ ᠪᠦᠯᠬᠦᠮ ᠨᠡᠶᠢᠲᠡ ᠶᠢ | ᠢᠳᠡᠪᠬᠢᠲᠡᠢ ᠲᠠᠲᠠᠨ ᠣᠷᠣᠭᠤᠯᠵᠤ᠂ ᠠᠵᠤ ᠦᠢᠯᠡᠰ ᠤᠨ ︽ᠬᠦᠷᠢᠶᠡᠯᠡᠩ ᠤᠨ ᠳᠣᠲᠣᠷᠠᠬᠢ ᠬᠦᠷᠢᠶᠡᠯᠡᠩ︾ ᠢ | ᠰᠦᠪᠡᠭᠴᠢᠯᠡᠨ ᠪᠠᠶᠢᠭᠤᠯᠵᠤ᠂ ᠬᠤᠳᠠᠯᠳᠤᠭᠠᠴᠢᠨ ᠤᠷᠢᠬᠤ ᠠᠷᠭ᠎ᠠ ᠵᠠᠮ ᠢ ᠲᠠᠰᠤᠷᠠᠯᠲᠠ ᠦᠭᠡᠢ ᠪᠠᠶᠠᠯᠢᠭᠵᠢᠭᠤᠯᠤᠨ | ᠥᠷᠭᠡᠳᠴᠡᠢ᠃ | |