ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾᠎ ᠶᠢᠨ ᠵᠢᠵᠢᠭ ᠪᠣᠯᠣᠩ ᠨᠡᠭᠡᠭᠡᠪᠡ
ᠨᠡᠶᠢᠲᠡᠯᠡᠭᠰᠡᠨ ᠴᠠᠭ᠄
2018/10/8
     ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾᠎ ᠶᠢᠨ ᠵᠢᠵᠢᠭ ᠪᠣᠯᠣᠩ ᠨᠡᠭᠡᠭᠡᠵᠦ ᠵᠠᠰᠠᠭ ᠤᠨ ᠶᠠᠪᠤᠳᠠᠯ ᠎ ᠤᠨ ᠦᠢᠯᠡᠴᠢᠯᠡᠭᠡᠨ ᠤ ᠠᠰᠠᠭᠤᠳᠠᠯ ᠤᠨ ᠰᠦᠪᠡᠭᠴᠢ ᠪᠣᠯᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠦᠯᠢᠶᠡᠨ ᠠᠪᠴᠤ ᠪᠠᠶᠢᠨ᠎ᠠ      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠳ᠋ᠦ᠋ᠭᠡᠷ ᠰᠠᠷ᠎ᠠ ᠶᠢᠨ 20᠎ ᠤ ᠡᠳᠦᠷ ᠤᠨ ᠮᠡᠳᠡᠭᠡ  ᠶᠡᠷᠦᠩᠬᠡᠶ ᠰᠠᠶᠢᠳ ᠯᠢ ᠺᠧ ᠴᠢᠶᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ ᠡᠯ᠎ᠡ ᠵᠦᠢᠯ ᠤᠨ ᠠᠰᠠᠭᠤᠳᠠᠯ ᠤᠨ ᠵᠠᠭᠠᠯᠳᠤᠯᠭ᠎ᠠ ᠶᠢ ᠬᠦᠯᠢᠶᠡᠨ ᠠᠪᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠣᠰᠠᠳᠠ᠂ 9 ᠳ᠋ᠦ᠋ᠭᠡᠷ ᠰᠠᠷ᠎ᠠ ᠶᠢᠨ 20᠎ ᠤ ᠡᠳᠦᠷ ᠠᠴᠠ ᠡᠬᠢᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾᠎ ᠶᠢᠨ ᠵᠢᠵᠢᠭ ᠪᠣᠯᠣᠩ ᠨᠡᠭᠡᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠦᠯᠢᠶᠡᠨ ᠠᠪᠤᠪᠠ᠃ ︵︽ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾᠎ ᠶᠢᠨ ᠵᠢᠵᠢᠭ ᠪᠣᠯᠣᠩ ) ᠳᠠᠭᠠᠯᠳᠤᠭᠤᠯᠤᠯ᠄ ︽ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾᠎ ᠶᠢᠨ ᠵᠢᠵᠢᠭ ᠪᠣᠯᠣᠩ ᠂ zip
     ᠰᠦᠯᠵᠢᠶᠡᠨ ᠢᠷᠭᠡᠳ ᠭᠠᠷ ᠤᠲᠠᠰᠤ ᠪᠠᠷ ᠢᠶᠠᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠯᠵᠢᠶ᠎ᠡ ᠪᠤᠶᠤ ᠸᠢᠴᠠᠲ᠂ ᡁᠢ ᠹᠦ᠋ ᠪᠣᠣ ᠵᠡᠷᠭᠡ ᠲᠠᠪᠴᠠᠩ ᠳᠤ ᠵᠠᠯᠭᠠᠨ ᠵᠢᠵᠢᠭ ᠪᠣᠯᠣᠩ ᠳᠤ ᠣᠷᠣᠵᠤ᠂ ᠠᠵᠢᠯ ᠪᠦᠲᠦᠭᠡᠬᠦ ᠳᠤ ᠳᠥᠭᠦᠮ ᠦᠭᠡᠢ᠂ ︽ᠨᠢᠭᠡ ᠰᠦᠯᠵᠢᠶ᠎ᠡ ᠪᠠᠷ ᠰᠢᠢᠳᠪᠦᠷᠢᠯᠡᠬᠦ︾᠎ ᠶᠢ ᠨᠠᠶᠢᠳᠠᠪᠤᠷᠢᠵᠢᠭᠤᠯᠤᠭᠰᠠᠨ ᠦᠭᠡᠢ᠂ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠵᠠᠭᠠᠯᠳᠤᠵᠤ ᠪᠣᠯᠬᠤ ᠪᠦᠭᠡᠳ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠤᠬᠠᠢ ᠰᠠᠨᠠᠭᠤᠯᠭ᠎ᠠ ᠳᠤᠷᠠᠳᠴᠤ ᠪᠣᠯᠣᠨ᠎ᠠ᠃     ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠴᠤᠭᠯᠠᠭᠤᠯᠵᠤ ᠣᠯᠣᠭᠰᠠᠨ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠲᠤᠰᠬᠠᠶ ᠰᠤᠳᠤᠯᠬᠤ ᠪᠥᠭᠡᠳ ᠬᠤᠯᠪᠣᠭᠳᠠᠯ ᠪᠦᠬᠦᠢ ᠣᠷᠣᠨ ᠨᠤᠲᠤᠭ ᠪᠠ ᠰᠠᠯᠠᠭ᠎ᠠ ᠮᠥᠴᠢᠷ ᠤᠳ ᠢ ᠰᠢᠮᠳᠠᠭᠤᠯᠤᠨ ᠠᠰᠠᠭᠤᠳᠠᠯ ᠢ ᠪᠠᠶᠢᠴᠠᠭᠠᠨ ᠢᠯᠭᠠᠷᠠᠭᠤᠯᠵᠤ᠂ ᠠᠰᠠᠭᠤᠳᠠᠯ ᠤᠨ ᠤᠴᠢᠷ ᠰᠢᠯᠲᠠᠭᠠᠨ ᠢ ᠨᠢ ᠪᠠᠶᠢᠴᠠᠭᠠᠨ ᠲᠣᠳᠣᠯᠠᠵᠤ᠂ ᠴᠡᠭᠴᠡᠯᠡᠨ ᠵᠠᠰᠠᠵᠤ ᠰᠢᠢᠳᠪᠦᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号