ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠦᠷᠦ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾ ᠶᠢᠨ ᠵᠢᠵᠢᠭ ᠪᠣᠯᠣᠩ ᠨᠡᠭᠡᠭᠡᠵᠦ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠠᠰᠠᠭᠤᠳᠠᠯ ᠤᠨ ᠰᠦᠪᠡᠭᠴᠢ ᠪᠣᠯᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠦᠯᠢᠶᠡᠨ | ᠠᠪᠴᠤ ᠪᠠᠶᠢᠨ᠎ᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠳ᠋ᠦ᠋ᠭᠡᠷ ᠰᠠᠷ᠎ᠠ ᠶᠢᠨ 20 ᠤ ᠡᠳᠦᠷ ᠤᠨ ᠮᠡᠳᠡᠭᠡ ᠶᠡᠷᠦᠩᠬᠡᠶ | ᠰᠠᠶᠢᠳ ᠯᠢ ᠺᠧ ᠴᠢᠶᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ ᠡᠯ᠎ᠡ ᠵᠦᠢᠯ ᠤᠨ ᠠᠰᠠᠭᠤᠳᠠᠯ ᠤᠨ | ᠵᠠᠭᠠᠯᠳᠤᠯᠭ᠎ᠠ ᠶᠢ ᠬᠦᠯᠢᠶᠡᠨ ᠠᠪᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ ᠭᠡᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠣᠰᠠᠳᠠ᠂ 9 ᠳ᠋ᠦ᠋ᠭᠡᠷ | ᠰᠠᠷ᠎ᠠ ᠶᠢᠨ 20 ᠤ ᠡᠳᠦᠷ ᠠᠴᠠ ᠡᠬᠢᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ | ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾ ᠶᠢᠨ ᠵᠢᠵᠢᠭ | ᠪᠣᠯᠣᠩ ᠨᠡᠭᠡᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠦᠯᠢᠶᠡᠨ ᠠᠪᠤᠪᠠ᠃ ︵ | ︽ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ ᠪᠠ ᠰᠠᠨᠠᠭᠤᠯᠭ᠎ᠠ︾ ᠶᠢᠨ ᠵᠢᠵᠢᠭ | ᠪᠣᠯᠣᠩ ) ᠳᠠᠭᠠᠯᠳᠤᠭᠤᠯᠤᠯ᠄ ︽ᠲᠦᠷᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠵᠠᠭᠠᠯᠳᠤᠯᠭ᠎ᠠ | ᠪᠠ ᠰᠠᠨᠠᠭᠤᠯᠭ᠎ᠠ︾ ᠶᠢᠨ ᠵᠢᠵᠢᠭ ᠪᠣᠯᠣᠩ ᠂ zip | | | | ᠰᠦᠯᠵᠢᠶᠡᠨ ᠢᠷᠭᠡᠳ ᠭᠠᠷ ᠤᠲᠠᠰᠤ ᠪᠠᠷ ᠢᠶᠠᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠯᠵᠢᠶ᠎ᠡ ᠪᠤᠶᠤ ᠸᠢᠴᠠᠲ᠂ ᡁᠢ ᠹᠦ᠋ ᠪᠣᠣ ᠵᠡᠷᠭᠡ ᠲᠠᠪᠴᠠᠩ ᠳᠤ ᠵᠠᠯᠭᠠᠨ | ᠵᠢᠵᠢᠭ ᠪᠣᠯᠣᠩ ᠳᠤ ᠣᠷᠣᠵᠤ᠂ ᠠᠵᠢᠯ ᠪᠦᠲᠦᠭᠡᠬᠦ ᠳᠤ ᠳᠥᠭᠦᠮ ᠦᠭᠡᠢ᠂ ︽ᠨᠢᠭᠡ ᠰᠦᠯᠵᠢᠶ᠎ᠡ ᠪᠠᠷ ᠰᠢᠢᠳᠪᠦᠷᠢᠯᠡᠬᠦ︾ | ᠶᠢ ᠨᠠᠶᠢᠳᠠᠪᠤᠷᠢᠵᠢᠭᠤᠯᠤᠭᠰᠠᠨ ᠦᠭᠡᠢ᠂ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠵᠠᠭᠠᠯᠳᠤᠵᠤ ᠪᠣᠯᠬᠤ ᠪᠦᠭᠡᠳ ᠡᠯ᠎ᠡ | ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠤᠬᠠᠢ ᠰᠠᠨᠠᠭᠤᠯᠭ᠎ᠠ ᠳᠤᠷᠠᠳᠴᠤ | ᠪᠣᠯᠣᠨ᠎ᠠ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠴᠤᠭᠯᠠᠭᠤᠯᠵᠤ ᠣᠯᠣᠭᠰᠠᠨ ᠠᠰᠠᠭᠤᠳᠠᠯ ᠤᠨ | ᠰᠦᠪᠡᠭᠴᠢ ᠪᠠ ᠰᠠᠨᠠᠯ ᠰᠠᠨᠠᠭᠤᠯᠭ᠎ᠠ ᠶᠢ ᠲᠤᠰᠬᠠᠶ ᠰᠤᠳᠤᠯᠬᠤ ᠪᠥᠭᠡᠳ ᠬᠤᠯᠪᠣᠭᠳᠠᠯ ᠪᠦᠬᠦᠢ ᠣᠷᠣᠨ ᠨᠤᠲᠤᠭ ᠪᠠ | ᠰᠠᠯᠠᠭ᠎ᠠ ᠮᠥᠴᠢᠷ ᠤᠳ ᠢ ᠰᠢᠮᠳᠠᠭᠤᠯᠤᠨ ᠠᠰᠠᠭᠤᠳᠠᠯ ᠢ ᠪᠠᠶᠢᠴᠠᠭᠠᠨ ᠢᠯᠭᠠᠷᠠᠭᠤᠯᠵᠤ᠂ ᠠᠰᠠᠭᠤᠳᠠᠯ ᠤᠨ ᠤᠴᠢᠷ | ᠰᠢᠯᠲᠠᠭᠠᠨ ᠢ ᠨᠢ ᠪᠠᠶᠢᠴᠠᠭᠠᠨ ᠲᠣᠳᠣᠯᠠᠵᠤ᠂ ᠴᠡᠭᠴᠡᠯᠡᠨ ᠵᠠᠰᠠᠵᠤ ᠰᠢᠢᠳᠪᠦᠷᠢᠯᠡᠨ᠎ᠡ᠃ | | | | |