ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠯᠤᠰ ᠬᠡᠳᠦ ᠶᠢᠨ ᠠᠷᠭ᠎ᠠ ᠪᠣᠳᠣᠯᠭ᠎ᠠ ᠶᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2018/10/9
     ᠲᠦᠷᠦᠭᠦᠬᠡᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 — 2022 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠭᠠᠳᠠᠭᠰᠢ ᠨᠡᠶᠢᠲᠡᠯᠡᠪᠡ᠂ ᠡᠨᠡ ᠪᠣᠯ ᠮᠠᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠩᠬᠠᠳᠠᠭᠴᠢ ᠲᠠᠪᠤᠨ ᠵᠢᠯ ᠤᠨ ᠲᠥᠯᠥᠪᠵᠢᠭᠦᠯᠭᠡ ᠪᠣᠯᠣᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠠᠴᠠ 29᠎ ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠶᠦᠩ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠡᠳ᠋ ᠳᠠᠷᠤᠭ᠎ᠠ ᠢᠦᠢ ᠰᠢᠨ ᠷᠦᠩ ︽ᠲᠥᠯᠥᠪᠵᠢᠭᠦᠯᠭᠡ︾᠎ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠤ ᠬᠠᠮᠲᠤ᠂ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠵᠠᠩ ᠶᠦᠩ ᠤᠨ ᠲᠠᠨᠢᠯᠴᠠᠭᠤᠯᠤᠭᠰᠠᠨ ᠨᠢ᠂ ︽ᠲᠥᠯᠥᠪᠵᠢᠭᠦᠯᠭᠡ︾᠎ ᠳᠤ ᠡᠭᠦᠨ ᠠᠴᠠ ᠬᠤᠶᠢᠰᠢᠳᠠ ᠶᠢᠨ ᠲᠠᠪᠤᠨ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ 22 ᠵᠦᠢᠯ ᠤᠨ  ᠪᠣᠳᠠᠲᠠᠢ  ᠭᠦᠢᠴᠡᠳᠬᠡᠯ  ᠲᠤᠭ᠎ᠠ᠂ ᠲᠡᠭᠦᠨ ᠤ ᠳᠣᠲᠣᠷ᠎ᠠ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ 3 ᠵᠦᠢᠯ᠂ ᠵᠢᠱᠢᠯᠲᠠ ᠶᠢᠨ ᠴᠢᠨᠠᠷᠲᠠᠢ ᠭᠦᠢᠴᠡᠳᠬᠡᠯ ᠲᠤᠭ᠎ᠠ 19 ᠵᠦᠢᠯ ᠢ ᠳᠤᠷᠠᠳᠤᠨ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠦᠢᠴᠡᠳᠬᠡᠯ ᠲᠣᠭᠠᠨ ᠤ ᠰᠢᠰᠲ᠋ᠧᠮᠵᠢ ᠶᠢ ᠠᠩᠬ᠎ᠠ ᠤᠳᠠᠭ᠎ᠠ ᠳᠤᠷᠠᠳᠤᠨ ᠭᠠᠷᠭᠠᠪᠠ᠃ ᠡᠭᠦᠨ ᠤ ᠬᠠᠮᠲᠤ᠂ ︽ᠲᠥᠯᠥᠪᠵᠢᠭᠦᠯᠭᠡ︾᠎ ᠳᠤ 82 ᠵᠦᠢᠯ ᠤᠨ ᠴᠢᠬᠤᠯᠠ ᠶᠡᠭᠡ ᠢᠨᠵᠧᠨᠧᠷᠢᠩ᠂ ᠲᠥᠯᠥᠪᠯᠡᠭᠡ ᠪᠠ ᠡᠭᠦᠷᠭᠡ ᠶᠢ ᠲᠣᠳᠣᠷᠬᠠᠶᠢᠯᠠᠭᠰᠠᠨ ᠤ ᠬᠠᠮᠲᠤ᠂ ᠲᠤᠰ ᠵᠠᠭᠤᠨ ᠤ ᠳᠤᠮᠳᠠᠴᠢ ᠦᠶ᠎ᠡ ᠪᠣᠯᠲᠠᠯᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠳᠤ ᠬᠤᠶᠠᠷ ᠱᠠᠲᠤ ᠦᠶ᠎ᠡ ᠬᠤᠪᠢᠶᠠᠵᠤ ᠠᠯᠤᠰ ᠬᠡᠳᠦ ᠶᠢᠨ ᠠᠷᠭ᠎ᠠ ᠪᠣᠳᠣᠯᠭ᠎ᠠ ᠶᠢ ᠰᠦᠪᠡᠭᠴᠢᠯᠡᠪᠡ ᠭᠡᠵᠡᠢ᠃      ᠮᠠᠨ ᠤ ᠤᠯᠤᠰ ᠤᠨ ᠬᠥᠳᠡᠭᠡ ᠲᠣᠰᠬᠤᠨ ᠤ ᠪᠠᠶᠢᠳᠠᠯ ᠤᠨ ᠢᠯᠭᠠᠭ᠎ᠠ ᠵᠥᠷᠢᠶ᠎ᠡ ᠶᠡᠭᠡ ᠪᠠᠶᠢᠵᠤ᠂ ᠠᠳᠠᠯᠢ ᠪᠤᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ ᠨᠢ ᠴᠤ ᠠᠳᠠᠯᠢ ᠪᠤᠰᠤ ᠪᠠᠶᠢᠳᠠᠭ᠃ ︽ᠲᠥᠯᠥᠪᠵᠢᠭᠦᠯᠭᠡ︾᠎ ᠨᠢ ᠡᠯ᠎ᠡ ᠭᠠᠵᠠᠷ ᠤᠨ ᠢᠯᠭᠠᠭ᠎ᠠ ᠵᠥᠷᠢᠶ᠎ᠡ ᠶᠢ ᠬᠡᠷᠬᠢᠨ ᠨᠢᠭᠡᠳᠦᠯᠲᠡᠢ ᠬᠠᠷᠠᠭᠠᠯᠵᠠᠭᠰᠠᠨ ᠪᠣᠢ︖      ᠵᠠᠩ ᠶᠦᠩ ᠢᠯᠡᠷᠬᠡᠶᠢᠯᠡᠬᠦ ᠳᠤ ᠪᠠᠨ᠂ ︽ᠲᠥᠯᠥᠪᠵᠢᠭᠦᠯᠭᠡ︾᠎ ᠳᠤ ᠠᠳᠠᠯᠢ ᠪᠤᠰᠤ ᠬᠥᠳᠡᠭᠡ ᠲᠣᠰᠬᠤᠨ ᠤ ᠭᠠᠵᠠᠷ ᠣᠷᠣᠨ ᠳᠤ ᠢᠯᠭᠠᠭ᠎ᠠ ᠵᠥᠷᠢᠶ᠎ᠡ ᠲᠠᠢ ᠬᠠᠨᠳᠤᠵᠤ᠂ ᠬᠥᠭᠵᠢᠯᠲᠡ ᠶᠢᠨ ᠱᠠᠲᠤ ᠦᠶ᠎ᠡ ᠶᠢᠨ ᠠᠳᠠᠯᠢ ᠪᠤᠰᠤ᠂ ᠪᠣᠳᠠᠲᠤ ᠪᠠᠶᠢᠳᠠᠯ ᠤᠨ ᠠᠳᠠᠯᠢ ᠪᠤᠰᠤ᠂ ᠢᠯᠭᠠᠭ᠎ᠠ ᠵᠥᠷᠢᠶ᠎ᠡ ᠶᠢᠨ ᠪᠤᠰᠤᠳᠴᠢ ᠪᠠᠷ ᠣᠷᠣᠰᠢᠵᠤ ᠪᠠᠶᠢᠭ᠎ᠠ ᠶᠢ ᠦᠨᠳᠦᠰᠦᠯᠡᠨ ᠢᠯᠭᠠᠭ᠎ᠠ ᠵᠥᠷᠢᠶ᠎ᠡ ᠲᠠᠢ ᠰᠢᠢᠳᠪᠦᠷᠢᠯᠡᠨ᠎ᠡ ᠭᠡᠵᠦ ᠳᠤᠷᠠᠳᠤᠨ ᠭᠠᠷᠭᠠᠪᠠ᠃ ᠡᠩ ᠲᠡᠷᠢᠭᠦᠨ ᠳᠤ᠂ ᠣᠳᠣ ᠶᠢᠨ ᠪᠠᠶᠢᠭ᠎ᠠ ᠬᠥᠳᠡᠭᠡ ᠲᠣᠰᠬᠤᠨ ᠢ ᠲᠥᠪᠯᠡᠷᠡᠭᠦᠯᠦᠨ ᠨᠡᠶᠢᠯᠡᠭᠦᠯᠵᠦ ᠳᠡᠭᠡᠭᠰᠢᠯᠡᠭᠦᠯᠬᠦ ᠲᠥᠷᠥᠯ᠂ ᠬᠤᠲᠠ ᠲᠡᠭᠦᠷᠭᠡ ᠶᠢ ᠠᠭᠤᠰᠤᠯᠴᠠᠭᠤᠯᠬᠤ ᠲᠥᠷᠥᠯ᠂ ᠥᠪᠡᠷᠮᠢᠴᠡ ᠣᠨᠴᠠᠯᠢᠭ ᠢ ᠨᠢ ᠬᠠᠮᠠᠭᠠᠯᠠᠬᠤ ᠲᠥᠷᠥᠯ ᠪᠠ ᠨᠡᠭᠦᠯᠭᠡᠨ ᠰᠢᠯᠵᠢᠭᠦᠯᠵᠦ ᠬᠠᠰᠤᠨ ᠨᠡᠶᠢᠯᠡᠭᠦᠯᠬᠦ ᠲᠥᠷᠥᠯ ᠭᠡᠵᠦ ᠬᠤᠪᠢᠶᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠷᠴᠢᠮ᠂ ᠴᠢᠭᠯᠡᠯ᠂ ᠬᠠᠷᠠᠯᠲᠠ ᠪᠠ ᠡᠭᠦᠷᠭᠡ ᠶᠢ ᠲᠤᠰ ᠲᠤᠰ ᠲᠣᠳᠣᠷᠬᠠᠶᠢᠯᠠᠪᠠ᠃ ᠳᠠᠷᠠᠭᠠᠯᠠᠪᠠᠯ᠂ ᠱᠠᠲᠤ ᠤᠳᠠᠭ᠎ᠠ ᠬᠤᠪᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠪᠠᠷᠢᠮᠲᠠᠯᠠᠪᠠ᠃ ᠵᠡᠭᠦᠨ ᠬᠡᠰᠡᠭ ᠤᠨ ᠳᠠᠯᠠᠢ ᠳᠠᠭᠠᠤ ᠬᠥᠭᠵᠢᠭᠰᠡᠨ ᠭᠠᠵᠠᠷ ᠣᠷᠣᠨ ᠪᠠ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠨᠢ ᠬᠦᠴᠦᠷᠬᠡᠭ ᠬᠥᠳᠡᠭᠡ ᠲᠣᠰᠬᠤᠨ ᠢ 2002 ᠣᠨ ᠪᠣᠯᠬᠤ ᠦᠶ᠎ᠡ ᠳᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠤᠷᠢᠳ ᠢᠶᠠᠷ ᠦᠨᠳᠦᠰᠦᠨ ᠳᠤ ᠪᠠᠨ ᠪᠡᠶᠡᠯᠡᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠨ ᠳᠠᠭᠠᠭᠤᠯᠬᠤ ᠦᠢᠯᠡᠳᠦᠯ ᠦᠵᠡᠭᠦᠯᠦᠨ᠎ᠡ︔ ᠪᠤᠰᠤᠳ ᠶᠡᠬᠡᠩᠬᠢ ᠬᠡᠰᠡᠭ ᠭᠠᠴᠠᠭ᠎ᠠ ᠲᠣᠰᠬᠤᠨ ᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ 2035 ᠣᠨ ᠪᠣᠯᠲᠠᠯ᠎ᠠ ᠦᠨᠳᠦᠰᠦᠨ ᠳᠤ ᠪᠠᠨ ᠪᠡᠶᠡᠯᠡᠭᠦᠯᠦᠨ᠎ᠡ︔ ᠶᠠᠳᠠᠭᠤ ᠬᠦᠴᠢᠷᠲᠡᠢ ᠭᠠᠵᠠᠷ ᠣᠷᠣᠨ ᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠬᠦ ᠴᠠᠭ ᠬᠤᠭᠤᠴᠠᠭ᠎ᠠ ᠨᠢ 2050 ᠣᠨ ᠪᠣᠯᠣᠨ᠎ᠠ᠃ ᠭᠤᠷᠪᠠᠳᠤᠭᠠᠷ ᠲᠤ᠂ ᠱᠠᠲᠤ ᠦᠶ᠎ᠡ ᠶᠢᠨ ᠡᠭᠦᠷᠭᠡ ᠶᠢ ᠭᠤᠣᠯᠳᠠᠭᠤᠯᠤᠨ ᠠᠩᠬᠠᠷᠪᠠ᠃ ᠶᠠᠳᠠᠭᠤ ᠬᠦᠴᠢᠷᠲᠡᠢ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠵᠡᠭᠦᠨ ᠬᠡᠰᠡᠭ ᠤᠨ ᠳᠠᠯᠠᠢ ᠳᠠᠭᠠᠤ ᠭᠠᠵᠠᠷ ᠣᠷᠣᠨ ᠲᠠᠢ ᠠᠳᠠᠯᠢ ᠪᠤᠰᠤ ᠪᠠᠷ ᠬᠠᠨᠳᠤᠵᠤ᠂ 2020 ᠣᠨ ᠠᠴᠠ ᠡᠮᠦᠨ᠎ᠡ᠂ ᠬᠠᠮᠤᠭ ᠤᠨ ᠲᠦᠷᠦᠭᠦᠨ ᠤ᠂ ᠬᠠᠮᠤᠭ ᠤᠨ ᠴᠢᠬᠤᠯᠠ ᠡᠭᠦᠷᠭᠡ ᠪᠣᠯ ᠣᠨᠣᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠠᠪᠤᠳᠠᠯ ᠪᠣᠯᠣᠨ᠎ᠠ᠃ ᠬᠠᠮᠤᠭ ᠰᠡᠭᠦᠯ ᠳᠤ᠂ ᠬᠥᠭ ᠪᠠ ᠡᠷᠴᠢᠮ ᠢ ᠰᠠᠶᠢᠲᠤᠷ ᠡᠵᠡᠮᠳᠡᠵᠦ᠂ ᠯᠠᠪᠳᠠᠭᠤᠨ ᠢ ᠪᠠᠲᠤᠯᠠᠬᠤ ᠶᠢᠨ ᠳᠠᠭᠠᠤ ᠤᠷᠤᠭᠰᠢᠯᠠᠭᠤᠯᠤᠨ ᠳᠠᠪᠰᠢᠭᠤᠯᠤᠨ᠎ᠠ ᠭᠡᠵᠡᠢ᠃      ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠬᠠᠮᠤᠭ ᠤᠨ ᠲᠡᠷᠢᠭᠦᠨ ᠤ ᠬᠠᠲᠠᠭᠤ ᠪᠡᠷᠬᠡᠲᠡᠢ ᠳᠠᠶᠢᠯᠠᠯᠳᠤᠭᠠᠨ ᠪᠣᠯ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠠᠪᠤᠳᠠᠯ ᠪᠣᠯᠣᠨ᠎ᠠ︾ ᠭᠡᠵᠦ ᠢᠦᠢ ᠰᠢᠨ ᠷᠦᠩ ᠬᠡᠯᠡᠬᠦ ᠳᠤ ᠪᠠᠨ᠂ ᠣᠳᠣᠬᠠᠨ ᠳᠤ ᠪᠦᠬᠦ ᠤᠯᠤᠰ ᠲᠤ ᠮᠥᠨ 1/4 ᠣᠷᠴᠢᠮ ᠤᠨ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠪᠠ ᠰᠢᠢᠳᠪᠦᠷᠢᠯᠡᠭᠡ ᠦᠭᠡᠢ᠂ 80%᠎ ᠶᠢᠨ ᠭᠠᠴᠠᠭ᠎ᠠ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠡ ᠦᠭᠡᠢ᠂ ᠪᠠᠷᠤᠭ 1/3᠎ ᠶᠢᠨ ᠵᠠᠰᠠᠭ ᠵᠠᠬᠢᠷᠭᠠᠨ ᠤ ᠲᠣᠰᠬᠤᠨ ᠤ ᠵᠠᠮ ᠢ ᠬᠠᠲᠠᠭᠤᠵᠢᠭᠤᠯᠬᠤ ᠶᠢ ᠪᠡᠶᠡᠯᠡᠭᠦᠯᠦᠭᠡᠳᠦᠢ ᠪᠠᠶᠢᠵᠤ᠂ ᠶᠠᠪᠤᠵᠤ ᠰᠠᠭᠤᠬᠤ ᠳᠤ ᠬᠦᠴᠢᠷᠲᠡᠢ᠂ ᠵᠣᠷᠯᠣᠩ ᠳᠤ ᠣᠷᠣᠬᠤ ᠳᠤ ᠬᠦᠴᠢᠷᠲᠡᠢ᠂ ᠣᠷᠴᠢᠨ ᠲᠣᠭᠤᠷᠢᠨ ᠨᠢ ᠪᠤᠵᠠᠷ᠂ ᠲᠣᠰᠬᠤᠨ ᠤ ᠥᠩᠭᠡ ᠲᠥᠷᠬᠦ ᠮᠠᠭᠤᠬᠠᠢ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠤᠴᠣᠷᠤᠩᠭᠤᠢ ᠵᠡᠷᠭᠡ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠨ᠎ᠠ ᠭᠡᠵᠡᠢ᠃      ᠡᠭᠦᠨ ᠳᠤ᠂ ︽ᠲᠥᠯᠥᠪᠵᠢᠭᠦᠯᠭᠡ︾᠎ ᠳᠤ ᠭᠤᠶᠣ ᠦᠵᠡᠰᠬᠦᠯᠡᠩ ᠮᠥᠷᠲᠡᠭᠡᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠠᠴᠠᠭ᠎ᠠ ᠲᠣᠰᠬᠤᠨ ᠢ ᠪᠠᠶᠢᠭᠤᠯᠬᠤ ᠪᠠᠷ ᠤᠳᠤᠷᠢᠳᠤᠮᠵᠢ ᠪᠣᠯᠭᠠᠨ᠂ ᠬᠥᠳᠡᠭᠡ ᠲᠣᠰᠬᠤᠨ ᠤ ᠬᠤᠭ ᠨᠣᠪᠰᠢ᠂ ᠪᠣᠬᠢᠷ ᠤᠰᠤ ᠶᠢ ᠵᠠᠰᠠᠬᠤ ᠪᠠ ᠲᠣᠰᠬᠤᠨ ᠤ ᠥᠩᠭᠡ ᠲᠥᠷᠬᠦ ᠶᠢ ᠰᠠᠶᠢᠵᠢᠷᠠᠭᠤᠯᠬᠤ ᠪᠠᠷ ᠭᠤᠣᠯ ᠰᠢᠢᠳᠪᠦᠷᠢᠯᠡᠬᠦ ᠴᠢᠭᠯᠡᠯ ᠪᠣᠯᠭᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ ᠭᠡᠵᠦ ᠳᠤᠷᠠᠳᠤᠨ ᠭᠠᠷᠭᠠᠪᠠ︔ ᠬᠥᠳᠡᠭᠡ ᠲᠣᠰᠬᠤᠨ ᠤ ᠬᠤᠭ ᠨᠣᠪᠰᠢ ᠶᠢ ᠵᠠᠰᠠᠬᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠵᠣᠷᠯᠣᠩ ᠤᠨ ᠰᠢᠨᠡᠴᠢᠯᠡᠯᠲᠡ ᠬᠢᠬᠦ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠬᠢᠬᠦ᠂ ᠬᠥᠳᠡᠭᠡ ᠲᠣᠰᠬᠤᠨ ᠤ ᠤᠰᠤᠨ ᠤ ᠣᠷᠴᠢᠨ ᠲᠣᠭᠤᠷᠢᠨ ᠢ ᠵᠠᠰᠠᠬᠤ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠠᠳᠠᠯ ᠦᠢᠯᠡᠰ ᠴᠣᠭᠴᠠᠯᠠᠬᠤ ᠳᠤ ᠵᠣᠬᠢᠰᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠵᠡᠷᠭᠡ ᠵᠢᠷᠭᠤᠭᠠᠨ ᠴᠢᠬᠤᠯᠠ ᠶᠡᠭᠡ ᠠᠵᠢᠯᠯᠠᠭ᠎ᠠ ᠶᠢ ᠲᠣᠭᠲᠠᠭᠠᠵᠠᠢ᠃      ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠪᠣᠯ ᠮᠥᠨ ᠴᠤ ᠲᠠᠷᠢᠶᠠᠴᠢᠳ ᠤᠨ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠭᠤᠯᠭ᠎ᠠ ᠪᠣᠯᠣᠨ᠎ᠠ᠃ ︽ᠲᠥᠯᠥᠪᠵᠢᠭᠦᠯᠭᠡ︾᠎ ᠳᠤ ᠭᠤᠣᠯᠳᠠᠭᠤ 3 ᠲᠠᠯ᠎ᠠ ᠶᠢᠨ ᠲᠣᠬᠢᠷᠠᠭᠤᠯᠤᠯᠲᠠ ᠬᠢᠪᠡ᠃ ᠨᠢᠭᠡ ᠳᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠳᠡᠭᠡ ᠲᠣᠰᠬᠤᠨ ᠎ ᠤ  ᠵᠠᠮ  ᠬᠠᠷᠢᠯᠴᠠᠭ᠎ᠠ᠂ ᠪᠠᠷᠠᠭᠠᠨ ᠤ ᠭᠦᠢᠯᠭᠡᠭᠡ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠶᠠᠷ ᠲᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠲᠦᠷᠭᠡᠳᠬᠡᠨ ᠳᠡᠭᠡᠭᠰᠢᠯᠡᠭᠦᠯᠦᠨ᠎ᠡ᠃ ᠭᠤᠷᠪᠠ ᠳᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡ ᠶᠢ ᠪᠦᠲᠦᠮᠵᠢᠲᠡᠢ ᠬᠠᠩᠭᠠᠬᠤ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠣᠯᠠᠨ ᠨᠡᠶᠢᠲᠡ ᠶᠢᠨ ᠰᠤᠷᠭᠠᠨ ᠬᠥᠮᠥᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠦᠢᠯᠡᠴᠢᠯᠡᠭᠡ ᠵᠡᠷᠭᠡ ᠡᠬᠢ ᠪᠠᠶᠠᠯᠢᠭ ᠢ ᠬᠥᠳᠡᠭᠡ ᠲᠣᠰᠬᠤᠨ ᠲᠡᠶᠢᠰᠢ ᠲᠠᠰᠤᠷᠠᠯᠲᠠ ᠦᠭᠡᠢ ᠬᠡᠯᠪᠡᠶᠢᠯᠭᠡᠵᠦ᠂ ᠬᠤᠲᠠ ᠬᠥᠳᠡᠭᠡ ᠶᠢᠨ ᠬᠤᠭᠤᠷᠣᠨᠳᠤᠬᠢ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠨ᠎ᠠ᠃      ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠲᠠᠪᠤᠨ ᠵᠢᠯ ᠳᠠᠷᠠᠭᠠᠯᠠᠨ 1.2 ᠲᠦᠮᠡᠨ ᠳ᠋ᠦᠩᠰᠢᠭᠤᠷ ᠵᠢᠩ ᠢ ᠳᠠᠪᠠᠨ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠭᠰᠠᠨ ᠥᠷᠲᠡᠭ ᠨᠢ 20 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠡᠯᠡᠭᠦᠴᠡᠯ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 7000 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ ᠶᠢᠨ ᠦᠢᠯᠡᠰ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 2000 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠴᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠨᠢ ᠮᠠᠰᠢ ᠶᠡᠭᠡ ᠦᠷ᠎ᠡ ᠪᠦᠲᠦᠮᠵᠢ ᠣᠯᠵᠠᠢ︾ ᠭᠡᠵᠦ ᠢᠦᠢ ᠰᠢᠨ ᠷᠦᠩ ᠬᠡᠯᠡᠬᠦ ᠳᠤ ᠪᠠᠨ᠂ ᠭᠡᠲᠡᠯ᠎ᠡ ᠡᠭᠦᠨ ᠤ ᠬᠠᠮᠲᠤ ᠬᠥᠳᠡᠭᠡ ᠲᠣᠰᠬᠤᠨ ᠤ ᠠᠵᠤ ᠦᠢᠯᠡᠰ ᠲᠤ ᠮᠥᠨ ᠬᠦ ᠵᠢᠵᠢᠭ᠂ ᠲᠠᠷᠠᠬᠠᠢ᠂ ᠬᠤᠯᠢᠮᠠᠭ ᠵᠡᠷᠭᠡ ᠠᠰᠠᠭᠤᠳᠠᠯ ᠣᠷᠣᠰᠢᠵᠤ᠂ ᠲᠣᠮᠣ ᠪᠥᠭᠡᠳ ᠬᠦᠴᠦᠷᠬᠡᠭ ᠪᠤᠰᠤ᠂ ᠪᠦᠲᠦᠭᠡᠭᠳᠡᠬᠦᠨ ᠣᠯᠠᠨ ᠪᠥᠭᠡᠳ ᠰᠢᠯᠢᠳᠡᠭ ᠪᠤᠰᠤ᠂ ᠨᠡᠷᠡᠲᠦ ᠲᠡᠮᠳᠡᠭᠲᠦ ᠨᠢ ᠬᠤᠯᠢᠮᠠᠭ ᠪᠥᠭᠡᠳ ᠨᠡᠷ᠎ᠡ ᠠᠯᠳᠠᠷ ᠦᠭᠡᠢ ᠪᠠᠶᠢᠳᠠᠭ᠃ ᠡᠶᠢᠮᠦ ᠠᠴᠠ᠂ ︽ᠲᠥᠯᠥᠪᠵᠢᠭᠦᠯᠭᠡ︾᠎ ᠳᠤ 28 ᠵᠦᠢᠯ ᠤᠨ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠯᠥᠪᠯᠡᠭᠡ ᠪᠠ ᠴᠢᠬᠤᠯᠠ ᠶᠡᠭᠡ ᠠᠵᠢᠯᠯᠠᠭ᠎ᠠ ᠶᠢ ᠳᠤᠷᠠᠳᠤᠨ ᠭᠠᠷᠭᠠᠪᠠ ᠭᠡᠵᠡᠢ᠃      ᠨᠢᠭᠡ ᠳᠤ᠂ ᠲᠠᠷᠢᠶᠠᠯᠠᠩ ᠤᠨ ᠰᠠᠭᠤᠷᠢ ᠶᠢ ᠭᠤᠶᠢᠪᠢᠰᠢ ᠦᠭᠡᠢ ᠴᠣᠭᠴᠠᠯᠠᠨ᠂ ᠲᠠᠷᠢᠶᠠᠯᠠᠩ ᠢᠶᠠᠷ ᠰᠠᠭᠤᠷᠢ ᠪᠣᠯᠭᠠᠬᠤ ᠦᠵᠡᠯ ᠤᠬᠠᠮᠰᠠᠷ ᠢ ᠯᠠᠪᠳᠠᠭᠤᠨ ᠪᠠᠲᠤᠲᠠᠢ ᠪᠣᠢ ᠪᠣᠯᠭᠠᠵᠤ᠂ ︽ᠠᠮᠤ ᠪᠤᠳᠠᠭ᠎ᠠ ᠬᠤᠷᠢᠶᠠᠬᠤ ᠳᠤ ᠭᠠᠵᠠᠷ ᠲᠠᠷᠢᠶ᠎ᠠ ᠳᠤ ᠲᠦᠰᠢᠭᠯᠡᠬᠦ᠂ ᠠᠮᠤ ᠪᠤᠳᠠᠭ᠎ᠠ ᠬᠤᠷᠢᠶᠠᠬᠤ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠤᠨ ᠣᠯᠠᠨ ᠤᠯᠤᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃      ᠬᠤᠶᠠᠷ ᠲᠤ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ︾᠎ ᠶᠢ ᠶᠠᠭ ᠰᠠᠶᠢᠬᠠᠨ ᠲᠦᠷᠭᠡᠳᠬᠡᠨ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠢ ᠴᠢᠨᠠᠷ ᠰᠠᠶᠢᠲᠠᠢ ᠬᠥᠭᠵᠢᠭᠦᠯᠬᠦ ᠨᠠᠢᠮᠠᠨ ᠶᠡᠭᠡ ᠠᠵᠢᠯᠯᠠᠭ᠎ᠠ ᠶᠢ ᠡᠬᠢᠯᠡᠭᠦᠯᠦᠨ᠂ ᠬᠥᠳᠡᠭᠡ ᠲᠣᠰᠬᠤᠨ ᠤ ᠠᠵᠤ ᠦᠢᠯᠡᠰ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠲᠣᠬᠢᠷᠠᠭᠰᠠᠨ ᠰᠢᠨ᠎ᠡ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠳᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠲᠡ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠬᠤ ᠬᠡᠷᠡᠭᠲᠡᠢ᠃      ᠭᠤᠷᠪᠠ ᠳᠤ᠂ ᠠᠵᠤ ᠦᠢᠯᠡᠰ ᠢ ᠠᠭᠤᠰᠤᠯᠴᠠᠭᠤᠯᠬᠤ ᠶᠢ ᠰᠠᠶᠢᠲᠤᠷ ᠠᠳᠬᠤᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃      ᠳᠥᠷᠪᠡ ᠳᠤ᠂ ᠥᠪᠡᠷᠮᠢᠴᠡ ᠣᠨᠴᠠᠯᠢᠭᠲᠤ ᠠᠵᠤ ᠦᠢᠯᠡᠰ ᠢ ᠰᠠᠶᠢᠲᠤᠷ ᠠᠳᠬᠤᠵᠤ᠂ ᠨᠡᠩ ᠢᠯᠠᠩᠭᠤᠶ᠎ᠠ ᠥᠪᠡᠷᠮᠢᠴᠡ ᠳᠠᠪᠠᠭᠤᠯᠢᠭ ᠠᠵᠤ ᠦᠢᠯᠡᠰ ᠤᠨ ᠣᠷᠣᠨ ᠤ ᠬᠥᠭᠵᠢᠯᠲᠡ ᠶᠢ ᠠᠬᠢᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ