ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠶᠢᠨ ᠲᠤᠬᠠᠢ ᠶᠢᠨ ᠭᠠᠵᠠᠷ ᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/10/9

      9 ᠳ᠋ᠦ᠋ᠭᠡᠷ ᠰᠠᠷ᠎ᠠ ᠶᠢᠨ 30 ᠤ ᠡᠳᠤᠷ᠂ ᠪᠦᠬᠦ ᠣᠷᠣᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠶᠢᠨ ᠲᠤᠬᠠᠢ ᠶᠢᠨ ᠭᠠᠵᠠᠷ ᠤᠨ ᠠᠬᠢᠭᠤᠯᠬᠤ ᠬᠤᠷᠠᠯ ᠬᠦᠬᠡᠬᠤᠳᠠ ᠳᠤ ᠶᠠᠪᠤᠬᠳᠠᠪᠠ᠃
     ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠳᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠶᠠᠩ ᠸᠧᠢ ᠳ᠋ᠦᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃
     ᠶᠠᠩ ᠸᠧᠢ ᠳ᠋ᠦᠩ ᠴᠢᠬᠤᠯᠠᠴᠢᠯᠠᠭᠰᠠᠨ ᠨᠢ᠂ ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠪᠤᠯ ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠬᠤ᠂ ᠳᠤᠳᠤᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ᠂ ︽ᠲᠤᠭᠠᠴᠢᠯᠠᠬᠰᠠᠨ ᠦᠪᠤᠷ ᠮᠤᠩᠭᠤᠯ︾ ᠤᠨ ᠪᠠᠶᠢᠭᠤᠯᠤᠯᠳᠠ ᠶᠢ ᠲᠤᠯᠭᠠᠭᠤᠷᠢᠯᠠᠬᠤ ᠪᠠ ᠮᠠᠨ ᠤ ᠤᠷᠤᠨ ᠤ ᠳᠤᠳᠤᠭᠠᠳᠤ ᠶᠢ ᠬᠠᠮᠠᠭᠠᠯᠠᠬᠤ ᠠᠵᠢᠯ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢᠨ ᠭᠡᠷᠡᠭᠴᠡᠭᠡ ᠪᠤᠯᠤᠨ᠎ᠠ᠃ ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠵᠢᠷᠤᠮᠵᠢᠭᠤᠯᠬᠤ᠂ ᠤᠶᠤᠨᠴᠢᠯᠠᠬᠤ᠂ ᠨᠠᠷᠢᠯᠢᠬᠵᠢᠭᠤᠯᠬᠤ᠂ ᠴᠢᠨᠠᠷ ᠰᠠᠶᠢᠳᠠᠢ ᠪᠠᠷᠢᠮᠵᠢᠶ᠎ᠠ ᠪᠠᠷ᠂ ᠦᠨᠳᠤᠰᠤᠨ ᠱᠠᠳᠤᠨ ᠤ ᠡᠮᠤᠨ᠎ᠠ ᠹᠷᠤᠨᠲ ᠤᠨ ᠲᠤᠮᠤ ᠳ᠋ᠠᠶᠢᠲ᠋ᠠ ᠶᠢᠨ ᠨᠡᠶᠢᠳᠡᠮ ᠬᠡᠷᠡᠭᠴᠡᠭᠡ ᠳᠤ ᠰᠠᠭᠤᠷᠢᠯᠠᠵᠤ᠂ ᠤᠶᠤᠨᠴᠢᠯᠠᠬᠰᠠᠨ ᠪᠠᠭᠠᠵᠢ ᠭᠡᠷᠡᠭᠰᠡᠯ ᠢ ᠶᠡᠬᠡᠪᠡᠷ ᠬᠦᠭᠵᠢᠬᠦᠯᠵᠤ᠂ ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠪᠤᠯᠤᠨ ᠬᠦᠨᠴᠠ ᠭᠡᠷᠡᠭᠯᠡᠭᠡ ᠪᠠᠷ ᠲᠠᠮᠵᠢᠭᠤᠯᠵᠤ᠂ ᠳᠤᠳᠤᠭᠠᠳᠤ ᠶᠢ ᠬᠠᠮᠠᠭᠠᠯᠠᠬᠤ ᠠᠵᠢᠯ ᠤᠨ ᠬᠦᠭᠵᠢᠯᠳᠠ ᠶᠢᠨ ᠬᠦᠴᠢᠷ ᠠᠰᠠᠭᠤᠳᠠᠯ ᠢ ᠬᠦᠴᠤᠯᠠᠨ ᠰᠢᠢᠳᠪᠤᠷᠢᠯᠠᠵᠤ᠂ ᠪᠤᠳᠠᠳᠤ ᠲᠠᠶᠢᠨ ᠳᠤ ᠠᠶᠤᠯ ᠲᠦᠭᠰᠢᠬᠦᠷᠢ ᠶᠢᠨ ᠮᠡᠳᠡᠷᠡᠮᠵᠢ ᠶᠢ ᠲᠡᠰ ᠲᠡᠪᠰᠢᠭᠦᠯᠭᠦ᠂ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ᠂ ᠤᠯᠠᠨ ᠲᠦᠮᠡᠨ ᠳᠤ ᠤᠢᠢᠯᠡᠴᠢᠯᠡᠬᠦ᠂ ᠬᠠᠤᠯᠢ ᠭᠡᠷᠡᠭᠵᠢᠬᠦᠯᠬᠦ ᠶᠢ ᠵᠢᠷᠤᠮᠵᠢᠭᠤᠯᠬᠤ᠂ ᠡᠩᠨᠡᠬᠡᠨ ᠤ ᠬᠠᠮᠢᠶᠠᠷᠤᠯᠳᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠬᠦᠴᠤᠨ ᠢᠶᠠᠨ ᠲᠦᠪᠯᠡᠷᠡᠬᠦᠯᠤᠨ ᠪᠤᠭᠤᠮᠳᠠ ᠰᠢᠪᠳᠤᠯᠵᠤ᠂ ᠡᠷᠡᠰ ᠪᠠᠳᠤ ᠢᠳᠡᠬᠡᠯ᠂ ᠰᠢᠨᠵᠢᠯᠡᠬᠦ ᠤᠬᠠᠭᠠᠨᠴᠢ ᠲᠦᠯᠤᠪᠵᠢᠬᠦᠯᠬᠡ᠂ ᠴᠢᠩᠭ᠎ᠠ ᠲᠦᠷᠢᠮ ᠲᠤᠭᠳᠠᠭᠠᠯ᠂ ᠪᠦᠳᠤᠮᠵᠢᠳᠠᠢ ᠠᠷᠭ᠎ᠠ ᠬᠡᠮᠵᠢᠶ᠎ᠠ᠂ ᠪᠠᠳᠤ ᠪᠠᠬᠢ ᠪᠠᠳᠤᠯᠠᠭ᠎ᠠ ᠪᠠᠷ ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠭᠡᠷᠡᠭᠳᠠᠢ ᠬᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ