ᠬᠥᠬᠡᠬᠤᠲᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠬᠡᠷᠡᠭᠯᠡᠬᠦ ᠶᠢ ᠲᠦᠷᠭᠡᠳᠬᠡᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2018/11/1
     ᠬᠥᠬᠡᠬᠤᠲᠠ ᠶᠢᠨ ᠲᠦᠷᠦᠭᠦᠬᠡᠨ ᠨᠡᠶᠢᠲᠡᠯᠡᠭᠰᠡᠨ ︽ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠬᠡᠷᠡᠭᠯᠡᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾᠎ ᠳᠤ ᠲᠣᠳᠣᠷᠬᠠᠶᠢᠯᠠᠭᠰᠠᠨ ᠨᠢ᠂ ᠢᠷᠡᠬᠦ ᠭᠤᠷᠪᠠᠨ ᠵᠢᠯ ᠳᠤ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠲᠤ ᠰᠢᠨ᠎ᠡ ᠪᠠᠷ ᠣᠷᠣᠵᠤ ᠢᠷᠡᠭᠰᠡᠨ ᠬᠥᠳᠡᠯᠮᠦᠷᠢᠴᠢᠳ ᠲᠤ ᠴᠥᠮ ᠵᠣᠬᠢᠴᠠᠩᠭᠤᠶ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠦᠯᠵᠦ᠂ ᠪᠣᠯᠪᠠᠰᠤᠷᠠᠭᠤᠯᠤᠯ ᠬᠥᠷᠳᠡᠬᠦ ᠬᠦᠰᠡᠯ ᠪᠤᠳᠤᠯ ᠲᠠᠢ ᠬᠥᠮᠦᠰ ᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠴᠥᠮ 1 ᠤᠳᠠᠭ᠎ᠠ ᠣᠷᠣᠯᠴᠠᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠴᠢᠳᠠᠪᠤᠷᠢ ᠶᠢᠨ ᠠᠵᠢᠯ ᠤᠨ ᠪᠠᠶᠢᠷᠢ ᠶᠢᠨ ᠠᠵᠢᠯᠲᠠᠨ ᠠᠵᠢᠯᠴᠢᠳ ᠢ ᠠᠳᠠᠭ ᠲᠠᠭᠠᠨ 1 ᠤᠳᠠᠭ᠎ᠠ ᠮᠡᠷᠭᠡᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠪᠣᠯᠪᠠᠰᠤᠷᠠᠭᠤᠯᠤᠯ ᠳᠤ ᠣᠷᠣᠯᠴᠠᠭᠤᠯᠤᠨ᠎ᠠ ᠭᠡᠵᠡᠢ᠃      ᠬᠡᠷᠡᠭᠵᠢᠭᠦᠯᠬᠦ ᠲᠥᠰᠦᠯ ᠳᠤ ᠲᠣᠳᠣᠷᠬᠠᠶᠢᠯᠠᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠪᠥᠬᠦ ᠬᠤᠲᠠ ᠡᠯ᠎ᠡ ᠲᠦᠷᠦᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 15 ᠲᠦᠮᠡᠨ ᠬᠥᠮᠦᠨ ᠤᠳᠠᠭ᠎ᠠ ᠠᠴᠠ ᠳᠡᠭᠡᠭᠰᠢ ᠴᠢᠷᠮᠠᠶᠢᠨ ᠪᠡᠶᠡᠯᠡᠭᠦᠯᠵᠦ᠂ ᠪᠦᠬᠦ ᠬᠤᠳᠠ ᠶᠢᠨ ᠮᠡᠷᠭᠡᠵᠢᠯ ᠤᠨ ᠴᠢᠳᠠᠪᠤᠷᠢᠲᠠᠨ ᠢ 29.6 ᠲᠦᠮᠡᠨ ᠬᠥᠮᠥᠨ ᠠᠴᠠ ᠳᠠᠪᠠᠭᠤᠯᠵᠤ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ 7.4 ᠲᠦᠮᠡᠨ ᠬᠥᠮᠦᠨ ᠳᠤ ᠬᠦᠷᠦᠭᠦᠯᠵᠦ᠂ ᠡᠭᠦᠨ ᠳᠤ᠂ ᠮᠠᠰᠲ᠋ᠧᠷ᠂ ᠳᠡᠭᠡᠳᠦ ᠳᠡᠰ ᠤᠨ ᠮᠠᠰᠲ᠋ᠧᠷ ᠎ ᠢ 1.7 ᠲᠦᠮᠡᠨ ᠬᠥᠮᠦᠨ ᠣᠷᠴᠢᠮ ᠳᠤ ᠬᠦᠷᠦᠭᠦᠯᠵᠦ᠂ ᠳᠡᠭᠡᠳᠦ ᠮᠡᠷᠭᠡᠵᠢᠯ ᠲᠠᠢ ᠠᠵᠢᠯᠴᠢᠨ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠤᠷ᠎ᠠ ᠮᠡᠷᠭᠡᠵᠢᠯ ᠲᠠᠢ ᠬᠥᠳᠡᠯᠮᠦᠷᠢᠴᠢᠨ ᠤ ᠳᠣᠲᠣᠷ᠎ᠠ 28%᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ᠭᠡᠵᠡᠢ᠃ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠬᠥᠬᠡᠬᠤᠲᠠ ᠶᠢᠨ ᠬᠢᠨ ᠳᠣᠣᠷᠠᠬᠢ ᠬᠡᠳᠦᠨ ᠲᠠᠯ᠎ᠠ ᠪᠠᠷ ᠠᠵᠢᠯ ᠢᠶᠠᠨ ᠥᠷᠨᠢᠭᠦᠯᠵᠦ ᠪᠠᠶᠢᠨ᠎ᠠ᠂ ᠡᠭᠦᠨ ᠳᠤ ᠭᠤᠣᠯᠳᠠᠭᠤ᠄ ᠠᠵᠤ ᠠᠬᠤᠶᠢᠯᠠᠯ ᠯᠤᠭ᠎ᠠ 6 ᠰᠠᠷ᠎ᠠ ᠠᠴᠠ ᠳᠡᠭᠡᠭᠰᠢ ᠬᠤᠭᠤᠴᠠᠭᠠᠨ ᠤ ᠬᠥᠳᠡᠯᠮᠦᠷᠢ ᠶᠢᠨ ᠭᠡᠷ᠎ᠡ ᠲᠣᠭᠲᠠᠭᠰᠠᠨ ᠠᠵᠤ ᠠᠬᠤᠶᠢᠯᠠᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠬᠥᠮᠦᠰ ᠲᠤ᠂ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ ᠠᠵᠤ ᠠᠬᠤᠶᠢᠯᠠᠯ ᠨᠢ ᠬᠠᠷᠢᠶ᠎ᠠ ᠪᠦᠬᠦᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠤᠶᠤ ᠵᠠᠰᠠᠭ ᠤᠨ ᠣᠷᠳᠣᠨ ᠠᠴᠠ ᠦᠨᠡᠮᠰᠢᠨ ᠲᠣᠭᠲᠠᠭᠠᠭᠰᠠᠨ ᠴᠢᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠨᠠᠶᠢᠳᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠬᠢᠭᠰᠡᠨ ᠪᠣᠯ᠂ ᠪᠣᠯᠪᠠᠰᠤᠷᠠᠭᠤᠯᠤᠭᠰᠠᠨ ᠎ ᠤ ᠲᠠᠷᠠᠭ᠎ᠠ᠂ ᠬᠥᠳᠡᠯᠮᠦᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠬᠡᠬᠦ ᠪᠠᠶᠢᠳᠠᠯ ᠢ ᠨᠢ ᠦᠨᠳᠦᠰᠦᠯᠡᠨ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠷᠢᠮᠵᠢᠶ᠎ᠠ ᠶᠢᠨ 70%᠎ ᠪᠠᠷ ᠨᠥᠬᠦᠪᠥᠷᠢ ᠥᠭᠭᠦᠨ᠎ᠡ᠂ ᠬᠡᠷᠡᠭᠰᠡᠬᠦ ᠪᠡᠯᠡ ᠮᠥᠩᠭᠦ ᠶᠢ ᠲᠣᠭᠲᠠᠭᠠᠯ ᠶᠣᠰᠣᠭᠠᠷ ᠠᠵᠢᠯ ᠣᠯᠭᠤᠬᠤ ᠨᠥᠬᠦᠪᠥᠷᠢ ᠪᠡᠯᠡ ᠮᠥᠩᠭᠦ ᠶᠢᠨ ᠳᠣᠲᠣᠷ᠎ᠠ ᠠᠴᠠ ᠭᠠᠷᠭᠠᠨ᠎ᠠ︔ ᠬᠥᠬᠡᠬᠤᠲᠠ ᠶᠢᠨ ᠬᠠᠤᠯᠢ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠵᠤ᠂ ᠨᠡᠶᠢᠲᠡ 36 ᠰᠠᠷ᠎ᠠ ᠠᠴᠠ ᠳᠡᠭᠡᠭᠰᠢ ᠵᠠᠷᠤᠳᠠᠯ ᠲᠤᠰᠢᠶᠠᠭᠰᠠᠨ ᠪᠥᠭᠡᠳ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠤᠨ ᠳᠣᠲᠣᠷᠠᠬᠢ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠤᠭᠰᠠᠨ ᠠᠵᠤ ᠠᠬᠤᠶᠢᠯᠠᠯ ᠤᠨ ᠠᠵᠢᠯ ᠳᠤ ᠪᠠᠶᠢᠭ᠎ᠠ ᠠᠵᠢᠯᠳᠠᠨ ᠠᠵᠢᠯᠴᠢᠳ᠂ 2017 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠤᠯᠤᠰ ᠤᠨ ᠲᠣᠭᠲᠠᠭᠠᠭᠰᠠᠨ ᠠᠵᠢᠯ ᠮᠡᠷᠭᠡᠵᠢᠯ ︵ᠠᠵᠢᠯ ᠲᠥᠷᠥᠯ︶᠎ ᠤᠨ ᠭᠠᠷᠴᠠᠭ ᠤᠨ ᠳᠣᠲᠣᠷᠠᠬᠢ ᠠᠩᠬ᠎ᠠ ᠵᠡᠷᠭᠡ ︵ᠲᠠᠪᠤᠳᠤᠭᠠᠷ ᠳᠡᠰ︶᠂ ᠳᠤᠮᠳᠠᠳᠤ ᠵᠡᠷᠭᠡ ︵ᠳᠥᠷᠪᠡᠳᠦᠭᠡᠷ ᠳᠡᠰ︶᠂ ᠳᠡᠭᠡᠳᠦ ᠵᠡᠷᠭᠡ ︵ᠭᠤᠷᠪᠠᠳᠤᠭᠠᠷ ᠳᠡᠰ ︶ ᠎ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠤᠷ᠎ᠠ ᠮᠡᠷᠭᠡᠰᠢᠯ ᠢ ᠳᠡᠭᠡᠭᠰᠢᠯᠡᠭᠦᠯᠬᠦ ᠨᠥᠬᠦᠪᠥᠷᠢ ᠭᠤᠶᠤᠴᠢᠯᠠᠵᠤ ᠪᠣᠯᠤᠨ᠎ᠠ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠵᠣᠷᠢᠭᠵᠢᠭᠤᠯᠵᠤ ᠪᠠᠶᠢᠭᠠᠳ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠳᠤ ᠣᠷᠣᠯᠴᠠᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠪᠠ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ  ︽ᠬᠤᠶᠠᠷ ᠦᠨᠡᠮᠯᠡᠯ︾᠎ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠲᠦ ᠠᠵᠢᠯ ᠮᠡᠷᠭᠡᠵᠢᠯ ︵ᠠᠵᠢᠯ ᠲᠥᠷᠥᠯ︶᠎ ᠤᠨ ᠮᠠᠰᠲ᠋ᠧᠷ ᠪᠠ ᠳᠡᠭᠡᠳᠦ ᠮᠠᠰᠲ᠋ᠧᠷ ᠢ ᠬᠥᠮᠦᠵᠢᠭᠦᠯᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠣᠭᠠᠨ ᠤ ᠡᠵᠡᠮᠰᠢᠯᠳᠤ ᠰᠠᠤᠷᠢ ᠮᠠᠰᠢᠨ ᠵᠡᠷᠭᠡ ᠲᠦᠷᠦᠯ ᠵᠦᠢᠯ ᠤᠨ ᠮᠠᠰᠲ᠋ᠧᠷ ᠪᠠ ᠳᠡᠭᠡᠳᠦ ᠮᠠᠰᠲ᠋ᠧᠷ ᠤᠨ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠥᠷᠨᠢᠭᠦᠯᠵᠦ᠂ ᠵᠢᠯ ᠪᠦᠷᠢ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠲᠦ ᠠᠵᠢᠯ ᠮᠡᠷᠭᠡᠵᠢᠯ ︵ᠠᠵᠢᠯ ᠲᠥᠷᠥᠯ︶᠎ ᠤᠨ ᠮᠠᠰᠲ᠋ᠧᠷ ᠪᠠ ᠳᠡᠭᠡᠳᠦ ᠮᠠᠰᠲ᠋ᠧᠷ ᠢ 300 ᠬᠥᠮᠦᠨ ᠠᠴᠠ ᠳᠡᠭᠡᠭᠰᠢ ᠬᠥᠮᠥᠵᠢᠭᠦᠯᠦᠨ᠎ᠡ︔ ᠰᠤᠷᠭᠠᠭᠤᠯᠢ ᠡᠷᠬᠢᠯᠡᠬᠦ ᠪᠡᠶᠡᠴᠢ ᠴᠣᠭᠴᠠ ᠶᠢᠨ ᠤᠯᠠᠨ ᠡᠰᠢᠵᠢᠯᠳᠡ ᠶᠢ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠠᠵᠢᠯᠴᠢᠨ ᠮᠥᠷᠲᠡᠭᠡᠨ ᠰᠣᠷᠣᠭᠴᠢ ᠡᠯᠰᠡᠬᠦ᠂ ᠠᠵᠤ ᠠᠬᠤᠶᠢᠯᠠᠯ ᠳᠤ ᠣᠷᠣᠬᠤ ᠮᠥᠷᠲᠡᠭᠡᠨ ᠰᠤᠷᠭᠠᠭᠤᠯᠢ ᠳᠤ ᠣᠷᠣᠬᠤ᠂ ᠠᠵᠤ ᠠᠬᠤᠶᠢᠯᠠᠯ ᠰᠤᠷᠭᠠᠭᠤᠯᠢ ᠶᠢᠨ ᠬᠤᠤᠰ ᠪᠠᠭᠰᠢ ᠬᠤᠯᠪᠣᠭᠠᠯᠠᠨ ᠬᠥᠮᠦᠵᠢᠭᠦᠯᠬᠦ︾᠎ ᠪᠠᠷ ᠭᠤᠤᠯ ᠠᠭᠤᠯᠭ᠎ᠠ ᠪᠣᠯᠭᠠᠭᠰᠠᠨ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠬᠥᠮᠦᠵᠢᠭᠦᠯᠬᠦ ᠵᠠᠭᠪᠤᠷ ᠢ ᠶᠡᠬᠡᠪᠡᠷ ᠬᠡᠷᠡᠭᠵᠢᠭᠦᠯᠦᠨ᠎ᠡ︔ ︽ᠠᠬᠠᠮᠠᠳ ᠮᠠᠰᠲ᠋ᠧᠷ︾᠎ ᠤᠨ ᠳᠦᠷᠢᠮ ᠪᠠ ︽ᠮᠡᠷᠭᠡᠵᠢᠯ ᠤᠨ ᠴᠢᠳᠠᠪᠤᠷᠢ ᠶᠢᠨ ᠶᠡᠭᠡ ᠮᠠᠰᠲ᠋ᠧᠷ︾᠎ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ 2019 ᠣᠨ ᠠᠴᠠ ᠡᠬᠢᠯᠡᠨ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠭᠠᠷ ᠤᠷᠠᠯᠠᠯ ᠤᠨ ᠲᠤᠰᠬᠠᠶ ᠮᠡᠷᠭᠡᠵᠢᠯ ᠲᠠᠢ᠂ ᠤᠷ᠎ᠠ ᠴᠢᠳᠠᠪᠤᠷᠢ ᠬᠡᠲᠦ᠋ᠢᠳᠦᠭᠰᠡᠨ᠂ ᠴᠢᠳᠠᠪᠤᠷᠢ ᠪᠠᠲᠤ ᠴᠢᠩᠭ᠎ᠠ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠮᠡᠷᠭᠡᠵᠢᠯ ᠤᠨ ᠴᠢᠳᠠᠪᠤᠷᠢ ᠲᠠᠢ ᠴᠢᠳᠠᠪᠤᠷᠢᠲᠠᠨ ᠢ ᠬᠤᠶᠠᠷ ᠵᠢᠯ ᠳᠤ ᠨᠢᠭᠡ ᠤᠳᠠᠭ᠎ᠠ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠶᠢ ᠵᠣᠬᠢᠶᠠᠨ ᠪᠠᠶᠢᠭᠤᠯᠵᠤ᠂ ᠬᠤᠲᠠ ᠶᠢᠨ ᠵᠠᠰᠠᠭ ᠤᠨ ᠣᠷᠳᠣᠨ ᠠᠴᠠ ︽ᠬᠥᠬᠡᠬᠤᠲᠠ ᠶᠢᠨ ᠠᠬᠠᠮᠠᠳ ᠮᠠᠰᠲ᠋ᠧᠷ︾ ᠪᠠ ︽ᠬᠥᠬᠡᠬᠤᠲᠠ ᠶᠢᠨ ᠮᠡᠷᠭᠡᠵᠢᠯ ᠤᠨ ᠴᠢᠳᠠᠪᠤᠷᠢ ᠶᠢᠨ ᠶᠡᠭᠡ ᠮᠠᠰᠲ᠋ᠧᠷ ︾ ᠎ ᠤᠨ ᠴᠣᠯᠠ ᠣᠯᠭᠤᠵᠤ᠂ 2 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠵᠤ᠂ ᠬᠤᠲᠠ ᠶᠢᠨ ᠲᠡᠰ ᠤᠨ ᠬᠥᠳᠡᠯᠮᠦᠷᠢ ᠶᠢᠨ ᠵᠢᠱᠢᠶᠡᠴᠢ ᠶᠢᠨ ᠬᠠᠷᠠᠭᠠᠯᠵᠠᠯ ᠵᠡᠷᠭᠡ ᠶᠢ  ᠬᠦᠷᠲᠡᠭᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号