11 ᠳ᠋ᠦ᠋ᠭᠡᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠤ ᠸᠢᠴᠠᠲ ᠢᠶᠠᠷ ᠢᠶᠠᠨ ᠳᠡᠮᠵᠢᠨ 2019 | ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠢ ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ 2019 ᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠣᠷᠤᠯᠴᠠᠬᠤ ᠵᠢᠴᠢ ᠡᠯᠰᠡᠭᠳᠡᠬᠦ ᠨᠢᠭᠡᠳᠦᠯᠲᠡᠢ ᠰᠢᠯᠭᠠᠯᠲᠠ ᠳᠤ | ᠣᠷᠣᠯᠴᠠᠭᠰᠠᠳ᠂ ᠪᠠᠲᠤᠯᠠᠨ ᠬᠦᠷᠭᠡᠭᠳᠡᠭᠰᠡᠳ᠂ ᠪᠠᠭᠠᠴᠤᠳ ᠤᠨ ᠠᠩᠭᠢ᠂ ᠥᠪᠡᠰᠦᠪᠡᠨ ᠡᠵᠡᠨ ᠮᠡᠳᠡᠵᠦ ᠰᠤᠷᠤᠭᠴᠢ | ᠡᠯᠰᠡᠬᠦ᠂ ᠥᠨᠳᠥᠷ ᠬᠢᠷᠢ ᠲᠥᠪᠰᠢᠨᠲᠦ ᠤᠷᠠᠯᠢᠭ ᠤᠨ ᠪᠦᠯᠬᠦᠮ᠂ ᠥᠨᠳᠥᠷ ᠬᠢᠷᠢ ᠲᠥᠪᠰᠢᠨᠲᠦ ᠪᠡᠶ᠎ᠡ ᠶᠢᠨ | ᠲᠠᠮᠢᠷ ᠤᠨ ᠠᠩᠭᠢ᠂ ᠭᠤᠴᠢᠨ ᠬᠤᠶᠠᠷ ᠶᠡᠭᠡ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠤᠪᠢ ᠶᠢᠨ ᠬᠡᠰᠡᠭ᠂ ᠪᠠᠭᠰᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠲᠠᠮᠢᠷ ᠤᠨ ᠪᠣᠯᠪᠠᠰᠤᠷᠠᠯ ᠤᠨ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ᠂ | ᠠᠰᠲᠠᠭᠠᠨ ᠰᠢᠯᠭᠠᠭᠤᠯᠤᠭᠰᠠᠨ ᠵᠡᠷᠭᠡ ᠶᠢ ᠪᠠᠭᠲᠠᠭᠠᠭᠰᠠᠨ ᠡᠯ᠎ᠡ ᠲᠦᠷᠦᠯ ᠤᠨ ᠬᠦᠮᠦᠰ ᠪᠦᠬᠦᠨ ᠡᠷᠬᠡᠪᠰᠢ ᠶᠡᠭᠡ | ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠭᠠᠷᠳᠠᠮ ᠢ ᠲᠣᠭᠲᠠᠭᠠᠯ ᠶᠣᠰᠣᠭᠠᠷ | ᠭᠦᠢᠴᠡᠳᠬᠡᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠮᠠᠨ ᠤ ᠣᠷᠣᠨ ᠳᠤ ᠠᠵᠢᠯ | ᠬᠥᠳᠡᠯᠮᠦᠷᠢ ᠬᠢᠵᠦ ᠪᠠᠶᠢᠭ᠎ᠠ ᠭᠠᠳᠠᠷ ᠣᠷᠣᠨ ᠤ ᠬᠥᠮᠦᠰ ᠤᠨ ᠳᠠᠭᠠᠵᠤ ᠪᠠᠶᠢᠭ᠎ᠠ ᠦᠷ᠎ᠡ ᠬᠡᠦᠬᠡᠳ ᠤᠨ ᠮᠠᠨ ᠤ | ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠪᠣᠯᠣᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠣᠷᠤᠯᠴᠠᠬᠤ ᠠᠵᠢᠯ ᠤᠨ ᠲᠤᠬᠠᠶ ᠰᠠᠨᠠᠯ︾ ᠤᠨ ᠬᠠᠮᠢᠶ᠎ᠠ | ᠪᠥᠬᠦᠢ ᠲᠣᠭᠲᠠᠭᠠᠯ ᠳᠤ ᠨᠡᠶᠢᠴᠡᠬᠦ ᠮᠠᠨ ᠤ ᠣᠷᠣᠨ ᠳᠤ ᠠᠵᠢᠯ ᠬᠥᠳᠡᠯᠮᠦᠷᠢ ᠬᠢᠵᠦ ᠪᠠᠶᠢᠭ᠎ᠠ ᠭᠠᠳᠠᠷ ᠣᠷᠣᠨ ᠤ | ᠬᠥᠮᠦᠰ ︵ᠮᠠᠨ ᠤ ᠣᠷᠣᠨ ᠳᠤ ᠡᠷᠦᠬᠡ ᠠᠮᠠ ᠶᠢᠨ ᠳᠠᠩᠰᠠ ᠦᠭᠡᠢ ᠪᠤᠰᠤᠳ ᠠᠵᠢᠯᠲᠠᠳ ᠪᠠᠭᠲᠠᠨ᠎ᠠ᠂ ᠳᠣᠷᠣᠭᠰᠢ | ᠠᠳᠠᠯᠢ︶ ᠤᠨ ᠳᠠᠭᠠᠵᠤ ᠪᠠᠶᠢᠭ᠎ᠠ ᠦᠷ᠎ᠡ ᠬᠡᠦᠬᠡᠳ ᠪᠣᠯᠤᠨ ᠡᠷᠦᠬᠡ ᠠᠮᠠ ᠶᠢᠨ ᠳᠠᠩᠰᠠ ᠪᠠᠨ ᠮᠠᠨ ᠤ ᠣᠷᠣᠨ ᠳᠤ | ᠰᠢᠯᠵᠢᠭᠦᠯᠦᠨ ᠣᠷᠣᠭᠤᠯᠤᠭᠰᠠᠨ ᠰᠢᠯᠭᠠᠭᠤᠯᠤᠭᠴᠢᠳ᠂ ᠮᠠᠨ ᠤ ᠣᠷᠣᠨ ᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠶᠢᠨ ᠪᠦᠬᠦ ᠬᠢᠴᠢᠶᠡᠯ ᠲᠥᠷᠥᠯ ᠤᠨ | ᠰᠢᠯᠭᠠᠯᠲᠠ ᠳᠤ ᠣᠷᠤᠯᠴᠠᠭᠰᠠᠨ ᠪᠥᠭᠡᠳ ᠳᠣᠣᠷᠠᠬᠢ ᠬᠠᠷᠠᠭᠠᠯᠵᠠᠭᠰᠠᠨ ᠨᠥᠬᠦᠴᠡᠯ ᠢ ᠪᠦᠷᠢᠯᠳᠦᠭᠦᠯᠪᠡᠯ ᠵᠢᠩᠬᠢᠨᠢ | ᠠᠩᠭᠢ ᠶᠢᠨ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠵᠦ ᠪᠣᠯᠤᠨ᠎ᠠ᠄ | ᠨᠢᠭᠡ᠂ ᠠᠵᠢᠯ ᠬᠥᠳᠡᠯᠮᠦᠷᠢ ᠬᠢᠵᠦ ᠪᠠᠶᠢᠭ᠎ᠠ ᠭᠠᠳᠠᠷ ᠣᠷᠣᠨ ᠤ ᠬᠥᠮᠦᠰ ᠤᠨ ᠳᠠᠭᠠᠵᠤ ᠪᠠᠶᠢᠭ᠎ᠠ ᠦᠷ᠎ᠡ | ᠬᠡᠦᠬᠡᠳ᠂ 25 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ 2016 ᠣᠨ ᠤ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠣᠷᠣᠯᠴᠠᠬᠤ ᠨᠥᠬᠦᠴᠡᠯ ᠢ ᠪᠦᠷᠢᠯᠳᠦᠭᠦᠯᠬᠦ ᠠᠴᠠ | ᠭᠠᠳᠠᠨ᠎ᠠ᠂ ᠪᠠᠰᠠ 2019 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠡᠷᠬᠡᠪᠰᠢ ᠳᠣᠣᠷᠠᠬᠢ ᠭᠤᠷᠪᠠᠨ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ᠨᠢᠭᠡ ᠳᠤ 2016 ᠣᠨ ᠳᠤ ᠣᠷᠣᠨ ᠤ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠡᠯᠰᠡᠭᠳᠡᠭᠰᠡᠨ ᠪᠠᠶᠢᠬᠤ ᠬᠡᠷᠡᠭᠲᠡᠢ︔ ᠬᠤᠶᠠᠷ ᠲᠤ ᠲᠣᠰ ᠬᠥᠮᠦᠨ ᠨᠢ ᠮᠠᠨ ᠤ ᠣᠷᠣᠨ ᠤ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ︵ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠬᠠᠷᠢᠶᠠᠯᠠᠯ ᠲᠠᠢ ᠪᠦᠭᠡᠳ ᠰᠤᠷᠭᠠᠭᠤᠯᠢ ᠳᠤ ᠪᠦᠬᠦᠯᠢ 3 ᠵᠢᠯ | ᠵᠠᠯᠭᠠᠯᠳᠤᠭᠠᠪᠠᠷ ᠰᠤᠷᠤᠯᠴᠠᠭᠰᠠᠨ ᠪᠠᠶᠢᠬᠤ ᠬᠡᠷᠡᠭᠲᠡᠢ︔ ᠭᠤᠷᠪᠠ ᠳᠤ ᠭᠡᠷ ᠤᠨ ᠠᠬᠠᠮᠠᠳ ᠨᠢ ᠮᠠᠨ ᠤ ᠣᠷᠣᠨ ᠳᠤ | ᠬᠠᠤᠯᠢ ᠶᠣᠰᠣᠨ ᠤ ᠲᠣᠭᠲᠠᠪᠤᠷᠢ ᠲᠠᠢ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠲᠠᠢ ᠪᠥᠭᠡᠳ | ᠦᠷᠭᠦᠯᠵᠢᠯᠡᠨ ᠰᠠᠭᠤᠷᠢᠰᠢᠵᠤ᠂ ᠬᠠᠤᠯᠢ ᠳᠤ ᠨᠡᠶᠢᠴᠡᠭᠰᠡᠨ ᠠᠵᠢᠯ ᠲᠠᠢ ᠪᠥᠭᠡᠳ ᠭᠠᠶᠢᠯᠢ ᠲᠤᠰᠢᠶᠠᠭᠠᠳ ︵ᠡᠰᠡᠬᠦᠯ᠎ᠡ | ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠪᠠᠲᠤᠯᠠᠭ᠎ᠠ ᠳᠤ ᠣᠷᠤᠯᠴᠠᠭᠰᠠᠳ︶ ᠪᠦᠬᠦᠯᠢ 3 ᠵᠢᠯ ᠪᠣᠯᠣᠭᠰᠠᠨ | ᠪᠠᠶᠢᠬᠤ ᠬᠡᠷᠡᠭᠲᠡᠢ᠃ | ᠬᠤᠶᠠᠷ᠂ ᠡᠷᠦᠬᠡ ᠠᠮᠠ ᠶᠢᠨ ᠳᠠᠩᠰᠠ ᠪᠠᠨ ᠮᠠᠨ ᠤ ᠣᠷᠣᠨ ᠳᠤ ᠰᠢᠯᠵᠢᠭᠦᠯᠦᠨ ᠣᠷᠣᠭᠤᠯᠤᠭᠰᠠᠨ | ᠰᠢᠯᠭᠠᠭᠤᠯᠤᠭᠴᠢᠳ᠂ 2019 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠡᠷᠬᠡᠪᠰᠢ ᠳᠣᠣᠷᠠᠬᠢ | ᠭᠤᠷᠪᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ᠨᠢᠭᠡ ᠳᠤ ᠲᠣᠰ ᠬᠥᠮᠦᠨ ᠨᠢ ᠮᠠᠨ ᠤ ᠣᠷᠣᠨ ᠤ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠠᠭᠲᠠᠨ᠎ᠠ︶ ᠶᠢᠨ ᠬᠠᠷᠢᠶᠠᠯᠠᠯ ᠲᠠᠢ ᠪᠥᠭᠡᠳ ᠰᠤᠷᠭᠠᠭᠤᠯᠢ ᠳᠤ ᠪᠦᠬᠦᠯᠢ 3 ᠵᠢᠯ ᠵᠠᠯᠭᠠᠯᠳᠤᠭᠠᠪᠠᠷ | ᠰᠤᠷᠤᠯᠴᠠᠭᠰᠠᠨ ᠪᠠᠶᠢᠬᠤ ᠬᠡᠷᠡᠭᠲᠡᠢ︔ ᠬᠤᠶᠠᠷ ᠲᠤ ᠲᠤᠰ ᠬᠥᠮᠦᠨ ᠨᠢ ᠮᠠᠨ ᠤ ᠣᠷᠣᠨ ᠤ ᠡᠷᠦᠬᠡ ᠠᠮᠠ ᠶᠢᠨ | ᠬᠠᠷᠢᠶᠠᠨ ᠳᠤ ᠣᠷᠤᠭᠠᠳ ᠪᠦᠬᠦᠯᠢ 3 ᠵᠢᠯ ᠪᠣᠯᠤᠭᠰᠠᠨ ᠪᠠᠶᠢᠬᠤ ᠬᠡᠷᠡᠭᠲᠡᠢ︔ ᠭᠤᠷᠪᠠ ᠳᠤ ᠭᠡᠷ ᠤᠨ ᠠᠬᠠᠮᠠᠳ ᠨᠢ | ᠮᠠᠨ ᠤ ᠣᠷᠣᠨ ᠳᠤ ᠬᠠᠤᠯᠢ ᠶᠣᠰᠣᠨ ᠤ ᠲᠣᠭᠲᠠᠪᠤᠷᠢ ᠲᠠᠢ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠲᠠᠢ | ᠪᠥᠭᠡᠳ ᠦᠷᠭᠦᠯᠵᠢᠯᠡᠨ ᠰᠠᠭᠤᠷᠢᠰᠢᠵᠤ᠂ ᠬᠠᠤᠯᠢ ᠳᠤ ᠨᠡᠶᠢᠴᠡᠭᠰᠡᠨ ᠠᠵᠢᠯ ᠲᠠᠢ ᠪᠥᠭᠡᠳ ᠭᠠᠶᠢᠯᠢ ᠲᠤᠰᠢᠶᠠᠭᠠᠳ ︵ | ᠡᠰᠡᠬᠦᠯ᠎ᠡ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠪᠠᠲᠤᠯᠠᠭ᠎ᠠ ᠳᠤ ᠣᠷᠤᠯᠴᠠᠭᠰᠠᠳ︶ ᠪᠦᠬᠦᠯᠢ 3 ᠵᠢᠯ | ᠪᠣᠯᠣᠭᠰᠠᠨ ᠪᠠᠶᠢᠬᠤ ᠬᠡᠷᠡᠭᠲᠡᠢ ᠃ | ᠵᠢᠩᠬᠢᠨᠢ ᠠᠩᠭᠢ ᠶᠢᠨ ᠰᠣᠷᠣᠭᠴᠢ ᠡᠯᠰᠡᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠴᠢᠳ ᠲᠤᠰᠬᠠᠶ | ᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠦᠨ ᠰᠢᠯᠭᠠᠭᠤᠯᠵᠤ ᠪᠣᠯᠤᠨ᠎ᠠ᠃ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ | ᠮᠡᠳᠡᠭᠦᠯᠬᠦ ᠳᠡᠭᠡᠨ᠂ ︽ᠵᠥᠪᠬᠡᠨ ᠲᠤᠰᠬᠠᠢ ᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠦᠨ ᠰᠢᠯᠭᠠᠭᠤᠯᠬᠤ ᠠᠮᠠᠯᠠᠯᠲᠠ︾ | ᠶᠢᠨ ᠵᠦᠢᠯ ᠳᠠᠬᠢ ︽ᠵᠥᠪᠰᠢᠶᠡᠷᠡᠬᠦ︾ ᠶᠢ ᠰᠣᠩᠭᠤᠬᠤ ᠪᠥᠭᠡᠳ ᠲᠤᠬᠠᠶ ᠶᠢᠨ ᠲᠠᠯᠠᠪᠤᠷ ᠲᠤ ᠨᠤᠲᠠᠯᠠᠯᠲᠠ ᠬᠢᠬᠦ | ᠦᠶ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ︵ᠲᠤᠰᠬᠠᠶ ᠮᠡᠷᠭᠡᠵᠢᠯ︶ ᠠᠩᠭᠢ ᠳᠤ ᠨᠡᠷ᠎ᠡ ᠮᠡᠳᠡᠭᠦᠯᠬᠦ | ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠨ᠎ᠠ᠃ | ᠥᠨᠳᠥᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠠᠵᠢᠯ ᠮᠡᠷᠭᠡᠵᠢᠯ ᠤᠨ ᠥᠨᠳᠥᠷ ᠳᠤᠮᠳᠠᠳᠤ᠂ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ | ᠳᠣᠷᠣᠭᠰᠢ ᠠᠳᠠᠯᠢ︶ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ︵ᠳᠣᠷᠣᠭᠰᠢ | ᠥᠨᠳᠥᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠰᠣᠷᠣᠭᠴᠢ | ᠡᠯᠰᠡᠬᠦ ᠭᠡᠵᠦ ᠲᠣᠪᠴᠢᠯᠠᠨ᠎ᠠ︶ ᠢ ᠠᠵᠢᠯ ᠲᠥᠷᠥᠯ ᠤᠨ ᠰᠢᠰᠲ᠋ᠧᠮ ᠢᠶᠠᠷ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ | ᠮᠡᠳᠡᠭᠦᠯᠬᠦ ᠰᠢᠯᠭᠠᠭᠤᠯᠤᠭᠴᠢᠳ ᠮᠡᠷᠭᠡᠵᠢᠯ ᠤᠨ ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ | ᠬᠡᠷᠡᠭᠲᠡᠢ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰ ᠬᠤᠭᠤᠴᠠᠭᠠᠨ ᠳᠤ ᠰᠤᠷᠤᠯᠭ᠎ᠠ | ᠲᠡᠭᠦᠰᠦᠭᠰᠡᠳ ᠪᠠ ᠥᠩᠭᠡᠷᠡᠭᠰᠡᠨ ᠬᠤᠭᠤᠴᠠᠭᠠᠨ ᠳᠤ ᠰᠤᠷᠤᠯᠭ᠎ᠠ ᠲᠡᠭᠦᠰᠦᠭᠰᠡᠳ ᠪᠣᠯᠤᠨ ᠮᠡᠷᠭᠡᠵᠢᠯ ᠤᠨ | ᠴᠢᠳᠠᠪᠤᠷᠢ ᠶᠢᠨ ᠰᠢᠯᠭᠠᠯᠲᠠ ᠳᠤ ᠬᠢᠷᠢ ᠲᠡᠩᠴᠡᠭᠰᠡᠨ ᠦᠬᠡᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠲᠤᠰ ᠬᠤᠭᠤᠴᠠᠭᠠᠨ ᠳᠤ ᠰᠤᠷᠤᠯᠭ᠎ᠠ ᠲᠡᠭᠦᠰᠦᠭᠰᠡᠳ ᠪᠠ ᠥᠩᠭᠡᠷᠡᠭᠰᠡᠨ ᠬᠤᠭᠤᠴᠠᠭᠠᠨ ᠤ | ᠰᠤᠷᠤᠯᠭ᠎ᠠ ᠲᠡᠭᠦᠰᠦᠭᠰᠡᠳ ᠲᠤ ᠥᠨᠳᠥᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠲᠥᠷᠥᠯ ᠤᠨ | ᠰᠢᠰᠲ᠋ᠧᠮ ᠢᠶᠠᠷ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠪᠠᠶᠢᠬᠤ ᠦᠭᠡᠢ᠃ | ᠡᠭᠦᠨ ᠠᠴᠠ ᠭᠠᠳᠠᠨ᠎ᠠ᠂ ᠳᠣᠣᠷᠠᠬᠢ ᠮᠡᠲᠦ 7 ᠵᠦᠢᠯ ᠤᠨ ᠪᠠᠶᠢᠳᠠᠯ ᠤᠨ ᠨᠢᠭᠡ ᠳᠤ ᠨᠢ ᠨᠣᠭᠳᠠᠬᠤ ᠬᠦᠮᠦᠰ | ᠨᠡᠷ᠎ᠡ ᠮᠡᠳᠡᠭᠦᠯᠵᠦ ᠪᠣᠯᠬᠤ ᠦᠭᠡᠢ᠄ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠪᠦᠬᠦᠢ ᠰᠤᠷᠭᠠᠨ | ᠬᠥᠮᠦᠵᠢᠯ ᠤᠨ ᠬᠢᠷᠢ ᠬᠡᠮ ᠲᠠᠢ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ᠂ ᠡᠰᠡᠬᠦᠯ᠎ᠡ | ᠨᠢᠭᠡᠨᠲᠡ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠪᠥᠭᠡᠳ ᠰᠤᠷᠭᠠᠭᠤᠯᠢ ᠳᠤ ᠣᠷᠣᠬᠤ ᠬᠢᠷᠢ ᠬᠡᠮ ᠢᠶᠠᠨ | ᠦᠯᠡᠳᠡᠭᠡᠵᠦ ᠪᠠᠶᠢᠭ᠎ᠠ ᠰᠤᠷᠤᠭᠴᠢᠳ︔ ᠳᠡᠭᠡᠳᠦ ᠳᠡᠰ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠲᠤᠰ ᠬᠤᠭᠤᠴᠠᠭ᠎ᠠ ᠳᠤ ᠰᠤᠷᠭᠠᠭᠤᠯᠢ ᠲᠡᠭᠦᠰᠬᠦ ᠪᠤᠰᠤ ᠰᠤᠷᠤᠯᠴᠠᠵᠤ ᠪᠠᠶᠢᠭ᠎ᠠ | ᠰᠤᠷᠤᠭᠴᠢᠳ ︵ᠪᠠᠭᠠᠴᠤᠳ ᠤᠨ ᠠᠩᠭᠢ ᠳᠤ ᠨᠡᠷ᠎ᠡ ᠮᠡᠳᠡᠭᠦᠯᠦᠨ ᠰᠢᠯᠭᠠᠭᠤᠯᠬᠤ ᠰᠤᠷᠤᠭᠴᠢᠳ ᠡᠭᠦᠨ ᠳᠤ ᠪᠠᠭᠲᠠᠬᠤ | ᠦᠭᠡᠢ︶︔ ᠳᠡᠭᠡᠳᠦ ᠳᠡᠰ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤᠨ ᠤ | ᠲᠤᠰ ᠬᠤᠭᠤᠴᠠᠭ᠎ᠠ ᠳᠤ ᠰᠤᠷᠭᠠᠭᠤᠯᠢ ᠲᠡᠭᠦᠰᠬᠦ ᠪᠤᠰᠤ ᠣᠨ ᠵᠢᠯ ᠢᠶᠠᠨ ᠬᠤᠳᠠᠯ ᠬᠠᠭᠤᠷᠮᠠᠭ ᠢᠶᠠᠷ ᠵᠣᠬᠢᠶᠠᠵᠦ ᠨᠡᠷ᠎ᠡ | ᠮᠡᠳᠡᠭᠦᠯᠦᠭᠰᠡᠨ ᠪᠦᠭᠡᠳ ᠲᠣᠭᠲᠠᠭᠠᠯ ᠢ ᠵᠥᠷᠢᠴᠡᠵᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ | ᠰᠢᠯᠭᠠᠯᠲᠠ ︵ᠡᠭᠦᠨ ᠳᠤ ᠪᠦᠬᠦ ᠤᠯᠤᠰ ᠤᠨ ᠨᠢᠭᠡᠳᠦᠯᠲᠡᠶ ᠰᠢᠯᠭᠠᠯᠲᠠ᠂ ᠮᠤᠵᠢ ᠶᠢᠨ ᠱᠠᠲᠤᠨ ᠤ ᠨᠢᠭᠡᠳᠦᠯᠲᠡᠶ | ᠰᠢᠯᠭᠠᠯᠲᠠ ᠪᠣᠯᠤᠨ ᠶᠡᠭᠡ ᠳᠡᠭᠡᠳᠦ ᠰᠤᠷᠭᠠᠭᠤᠯᠢ ᠶᠢᠨ ᠠᠰᠲᠠᠭᠠᠨ ᠵᠣᠬᠢᠶᠠᠨ ᠪᠠᠶᠢᠭᠤᠯᠤᠭᠰᠠᠨ ᠰᠤᠷᠤᠭᠴᠢ ᠡᠯᠰᠡᠬᠦ | ᠰᠢᠯᠭᠠᠯᠲᠠ ᠪᠠᠭᠲᠠᠨ᠎ᠠ︶ ᠳᠤ ᠣᠷᠤᠯᠴᠠᠬᠤ ᠲᠤᠰ ᠬᠤᠭᠤᠴᠠᠭᠠᠨ ᠳᠤ ᠲᠡᠭᠦᠰᠦᠭᠰᠡᠳ︔ ᠤᠯᠤᠰ ᠤᠨ ᠰᠤᠷᠭᠠᠨ | ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠢ ᠵᠥᠷᠢᠴᠡᠵᠤ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ | ᠰᠢᠯᠭᠠᠯᠲᠠ ᠳᠤ ᠣᠷᠣᠯᠴᠠᠬᠤ ᠶᠢ ᠨᠢ ᠲᠦᠷ ᠵᠣᠭᠰᠣᠭᠠᠬᠤ ᠰᠢᠢᠳᠬᠡᠯ ᠣᠯᠣᠭᠰᠠᠨ ᠪᠦᠭᠡᠳ ᠰᠢᠯᠭᠠᠯᠲᠠ ᠳᠤ | ᠣᠷᠤᠯᠴᠠᠵᠤ ᠦᠯᠦ ᠪᠣᠯᠬᠤ ᠬᠤᠭᠤᠴᠠᠭᠠᠨ ᠳᠤ ᠪᠠᠨ ᠪᠠᠶᠢᠭ᠎ᠠ ᠬᠥᠮᠦᠰ︔ ᠡᠷᠡᠭᠦᠦ ᠶᠢᠨ ᠬᠠᠤᠯᠢ ᠳᠤ | ᠬᠠᠯᠳᠠᠭᠰᠠᠨ ᠠᠴᠠ ᠪᠣᠯᠵᠤ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠠᠪᠤᠭᠤᠯᠤᠭᠰᠠᠨ ᠪᠤᠶᠤ ᠣᠳᠣ ᠶᠠᠭ ᠡᠷᠡᠭᠦᠦ ᠶᠢᠨ ᠰᠢᠳᠬᠡᠯ ᠭᠦᠢᠴᠡᠳᠬᠡᠵᠦ ᠪᠠᠶᠢᠭ᠎ᠠ ᠬᠥᠮᠦᠰ︔ ᠮᠠᠨ ᠤ | ᠣᠷᠣᠨ ᠠᠴᠠ ᠭᠠᠳᠠᠨᠠᠬᠢ ᠪᠤᠰᠤᠳ ᠮᠤᠵᠢ ︵ᠣᠷᠣᠨ᠂ ᠬᠤᠳᠠ︶ ᠳᠤ 2019 ᠣᠨ ᠤ ᠶᠡᠭᠡ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢᠳ︔ ᠰᠤᠷᠭᠠᠨ | ᠬᠥᠮᠦᠵᠢᠯ ᠤᠨ ᠶᠠᠮᠤᠨ ᠤ ᠣᠨ ᠤ ᠰᠤᠷᠤᠭᠴᠢ ᠡᠯᠰᠡᠬᠦ ᠠᠵᠢᠯ ᠤᠨ ᠲᠤᠬᠠᠶ ᠲᠣᠭᠲᠠᠭᠠᠯ ᠳᠤ ᠲᠣᠭᠲᠠᠭᠠᠭᠰᠠᠨ ᠨᠡᠷ᠎ᠡ | ᠮᠡᠳᠡᠭᠦᠯᠬᠦ ᠬᠢᠷᠢ ᠬᠡᠮ ᠢ ᠪᠦᠷᠢᠯᠳᠦᠭᠦᠯᠦᠭᠰᠡᠨ ᠦᠭᠡᠢ ᠪᠤᠰᠤᠳ ᠬᠦᠮᠦᠰ᠃ |