ᠲᠤᠰᠢᠶᠠᠯ ᠳᠤ ᠲᠤᠮᠢᠯᠠᠬᠤ ᠪᠠᠷ ᠪᠠᠶᠢᠭ᠎ᠠ ᠺᠡᠳ᠋ᠷ ᠢ ᠢᠯᠡ ᠨᠡᠶᠢᠲᠡᠯᠡᠬᠦ ᠠᠯᠪᠠᠠ ᠵᠠᠷᠯᠠᠯ
ᠨᠡᠶᠢᠲᠡᠯᠡᠭᠰᠡᠨ ᠴᠠᠭ᠄
2018/11/12

     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠳᠤᠯᠤᠭᠠᠳ ᠲᠤᠰᠢᠶᠠᠯ ᠳᠤ ᠲᠤᠮᠢᠯᠠᠬᠤ ᠪᠠᠷ ᠪᠠᠶᠢᠭ᠎ᠠ 10 ᠺᠡᠳ᠋ᠷ ᠢ ᠢᠯᠡ ᠨᠡᠶᠢᠳᠡᠯᠡᠬᠦ ᠪᠠᠷ ᠲᠤᠭᠳᠠᠵᠠᠢ᠃
    ᠨᠢᠬᠡ᠂ ᠢᠯᠡ ᠨᠡᠶᠢᠳᠡᠯᠡᠬᠦ ᠨᠡᠷᠡᠰ
     ᠲᠢᠶᠠᠨ ᠶᠦᠩ᠂ 1963 ᠤᠨ ᠤ 12 ᠳ᠋ᠤᠭᠠᠷ ᠰᠠᠷ᠎ᠠ ᠳᠤ ᠳᠦᠷᠦᠵᠡᠢ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠰᠢᠯᠢ ᠶᠢᠨ ᠭᠤᠤᠯ ᠠᠶᠢᠮᠠᠬ ᠤᠨ ᠨᠠᠮ ᠤᠨ  ᠬᠤᠷᠢᠶᠠᠨ ᠤ ᠬᠡᠰᠢᠬᠦᠨ᠂ ᠡᠷᠢᠶᠡᠨ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠢᠩᠬᠢᠮ ᠤᠨ ᠳᠡᠰ ᠤᠨ ᠤᠳᠤᠷᠢᠳᠬᠤ ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ︔
     ᠾᠧ ᡁᠢ ᠯᠢᠶᠠᠩ᠂ 1970 ᠤᠨ ᠤ 10 ᠳ᠋ᠤᠭᠠᠷ ᠰᠠᠷ᠎ᠠ ᠳᠤ ᠳᠦᠷᠦᠵᠡᠢ᠂ ᠦᠪᠦᠷ ᠮᠤᠩᠭᠤᠯ ᠤᠨ ᠳᠠᠷᠢᠶᠠᠯᠠᠩ ᠮᠠᠯ ᠠᠵᠥ ᠠᠬᠤᠢ ᠶᠢᠨ ᠳᠡᠬᠡᠳᠤ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠬᠦᠳᠡᠭᠡ ᠠᠵᠥ ᠠᠬᠤᠢ ᠶᠢᠨ ᠳᠡᠯᠬᠡᠷᠡᠬᠦᠯᠦᠯᠳᠡ ᠶᠢᠨ ᠮᠠᠰᠲ᠋ᠧᠷ᠂ ᠠᠵᠥ ᠠᠬᠤᠢᠢᠴᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠡᠳ᠋ ᠳᠠᠷᠤᠭ᠎ᠠ ᠶᠢᠨ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠢᠩᠬᠢᠮ ᠤᠨ ᠲᠡᠷᠢᠭᠦᠨ ᠳᠡᠰ ᠤᠨ ᠤᠳᠤᠷᠢᠳᠬᠤ ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ︔
     ᠪᠠᠢ ᠴᠢᠩ ᠶᠤᠸᠠᠨ᠂ 1970 ᠤᠨ ᠤ 11 ᠳ᠋ᠦ᠋ᠭᠡᠷ ᠰᠠᠷ᠎ᠠ ᠳᠤ ᠳᠦᠷᠦᠵᠡᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠮᠠᠰᠲᠧᠷ᠂ ᠭᠤᠮᠢᠨᠳᠠᠩ ᠨᠠᠮ ᠤᠨ ᠬᠤᠪᠢᠰᠬᠠᠯᠳᠤ ᠬᠤᠷᠢᠶ᠎ᠠ ᠶᠢᠨ ᠬᠡᠰᠢᠬᠦᠨ᠂ ᠤᠳᠤ ᠪᠤᠭᠤᠳᠤ ᠬᠤᠳᠠ ᠶᠢᠨ ᠳᠡᠳ᠋ ᠳᠠᠷᠤᠭ᠎ᠠ᠂ ᠭᠤᠮᠢᠨᠳᠠᠩ ᠨᠠᠮ ᠤᠨ ᠬᠤᠪᠢᠰᠬᠠᠯᠳᠤ ᠬᠤᠷᠢᠶ᠎ᠠ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ ᠶᠢᠨ ᠡᠷᠬᠢᠯᠡᠭᠴᠢ ᠬᠡᠰᠢᠬᠦᠨ᠂ ᠪᠤᠭᠤᠳᠤ ᠬᠤᠳᠠ ᠶᠢᠨ ᠬᠤᠷᠢᠶ᠎ᠠ ᠶᠢᠨ ᠡᠷᠬᠢᠯᠡᠭᠴᠢ ᠬᠡᠰᠢᠬᠦᠨ ᠤ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠢᠩᠬᠢᠮ ᠤᠨ ᠲᠡᠷᠢᠭᠦᠨ ᠳᠡᠰ ᠤᠨ ᠤᠳᠤᠷᠢᠳᠬᠤ ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ︔
     ᠯᠢ ᠯᠢ᠂ 1971 ᠤᠨ ᠤ 6 ᠳ᠋ᠤᠭᠠᠷ ᠰᠠᠷ᠎ᠠ ᠳᠤ ᠳᠦᠷᠦᠵᠡᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠠᠵᠥ ᠠᠬᠤᠢ ᠶᠢᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠢᠩᠬᠢᠮ ᠤᠨ ᠲᠡᠷᠢᠭᠦᠨ ᠳᠡᠰ ᠤᠨ ᠤᠳᠤᠷᠢᠳᠬᠤ ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ︔
     ᠭᠤᠤ ᡁᠢ ᠮᠢᠩ᠂ 1967 ᠤᠨ ᠤ 9 ᠳ᠋ᠦ᠋ᠭᠡᠷ ᠰᠠᠷ᠎ᠠ ᠳᠤ ᠳᠦᠷᠦᠵᠡᠢ᠂ ᠱᠠᠨ ᠰᠢ ᠮᠤᠵᠢ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠢᠩᠬᠢᠮ ᠤᠨ ᠲᠡᠷᠢᠭᠦᠨ ᠳᠡᠰ ᠤᠨ ᠤᠳᠤᠷᠢᠳᠬᠤ ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ

     ᠸᠠᠩ ᠰᠢᠤᠸᠠᠢ ᠹᠧᠩ᠂ 1963 ᠤᠨ ᠤ 9 ᠳ᠋ᠦ᠋ᠭᠡᠷ ᠰᠠᠷ᠎ᠠ ᠳᠤ ᠲᠦᠷᠦᠵᠡᠢ᠂ ᠲᠦᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠦᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠢᠩᠬᠢᠮ ᠤᠨ ᠲᠡᠷᠢᠭᠦᠨ ᠳᠡᠰ ᠤᠨ ᠤᠳᠤᠷᠢᠳᠬᠤ ᠲᠤᠰᠢᠶᠠᠯ ᠳᠤ ᠳᠡᠪᠰᠢᠭᠦᠯᠦᠨ ᠲᠤᠮᠢᠯᠠᠬᠤ ᠪᠠᠷ

ᠪᠤᠢ︔
     ᠴᠧᠨ ᠯᠢ ᠰᠢᠨ᠂ 1961 ᠤᠨ ᠤ 11 ᠳ᠋ᠦ᠋ᠭᠡᠷ ᠰᠠᠷ᠎ᠠ ᠳᠤ ᠲᠦᠷᠦᠵᠡᠢ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠢ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠦᠯᠦᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠲᠠᠢ᠂ ᠠᠶᠢᠮᠠᠬ ᠬᠤᠲᠠ ᠶᠢᠨ ᠲᠢᠩᠬᠢᠮ ᠤᠨ ᠲᠡᠷᠢᠭᠦᠨ ᠳᠡᠰ ᠤᠨ ᠤᠳᠤᠷᠢᠳᠬᠤ ᠲᠤᠰᠢᠶᠠᠯ ᠳᠤ ᠳᠡᠪᠰᠢᠭᠦᠯᠦᠨ ᠲᠤᠮᠢᠯᠠᠬᠤ ᠪᠠᠷ ᠪᠤᠢ︔
     ᠹᠠᠨ ᠳ᠋ᠦᠩ ᠯᠢᠶᠠᠩ᠂ 1962 ᠤᠨ ᠤ 10 ᠳ᠋ᠤᠭᠠᠷ ᠰᠠᠷ᠎ᠠ ᠳᠤ ᠲᠦᠷᠦᠵᠡᠢ᠂ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠲᠠᠢ᠂ ᠠᠶᠢᠮᠠᠬ ᠬᠤᠲᠠ ᠶᠢᠨ ᠳᠡᠳ᠋ ᠲᠢᠩᠬᠢᠮ ᠤᠨ ᠳᠡᠰ ᠤᠨ ᠤᠳᠤᠷᠢᠳᠬᠤ ᠲᠤᠰᠢᠶᠠᠯ ᠳᠤ ᠳᠡᠪᠰᠢᠭᠦᠯᠦᠨ ᠲᠤᠮᠢᠯᠠᠬᠤ ᠪᠠᠷ ᠪᠤᠢ︔
     ᠦ᠋ ᠵᠢᠩ ᠰᠢᠤᠸᠠᠢ᠂ 1962 ᠤᠨ ᠤ 6 ᠳ᠋ᠤᠭᠠᠷ ᠰᠠᠷ᠎ᠠ ᠳᠤ ᠲᠦᠷᠦᠵᠡᠢ᠂ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠯᠧᠺᠲ᠋ᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠦᠯᠦᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ᠂ ᠬᠦᠯᠢᠶᠡᠨ ᠠᠪᠬᠤ ᠬᠤᠯᠪᠤᠭ᠎ᠠ ᠠᠪᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠲᠠᠢ᠂ ᠮᠠᠨᠵᠤᠤᠷ ᠤᠨ ᠤᠷᠤᠰ ᠬᠡᠯᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠳᠤ ᠳᠡᠪᠰᠢᠭᠦᠯᠦᠨ ᠲᠤᠮᠢᠯᠠᠬᠤ ᠪᠠᠷ

ᠪᠤᠢ︔
     ᠯᠢᠤ ᠶᠦᠩ᠂ 1966 ᠤᠨ ᠤ 9 ᠳ᠋ᠦ᠋ᠭᠡᠷ ᠰᠠᠷ᠎ᠠ ᠳᠤ ᠲᠦᠷᠦᠵᠡᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠨᠢᠬᠲᠠᠯᠠᠨ ᠪᠤᠳᠤᠬᠤ ᠮᠡᠷᠭᠡᠵᠢᠯᠲᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠡᠨ ᠤ ᠬᠢᠩᠭᠠᠨ ᠠᠶᠢᠮᠠᠬ ᠤᠨ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠤᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠦᠪᠦᠷ ᠮᠤᠩᠭᠤᠯ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠡᠯᠡ ᠤᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠢᠨ ᠲᠤᠰᠢᠶᠠᠯ ᠳᠤ ᠳᠡᠪᠰᠢᠭᠦᠯᠦᠨ ᠲᠤᠮᠢᠯᠠᠬᠤ ᠪᠠᠷ ᠪᠠᠶᠢᠨ᠎ᠠ᠃
     ᠬᠤᠶᠠᠷ᠂ ᠢᠯᠡ ᠨᠡᠶᠢᠳᠡᠯᠡᠬᠦ ᠴᠠᠭ

     2018 ᠤᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ 2018 ᠣᠨ ᠤ 11 ᠳ᠋ᠦ᠋ᠭᠡᠷ ᠰᠠᠷ᠎ᠠ ᠶᠢᠨ 6 ᠤ ᠡᠳᠦᠷ ᠪᠤᠯᠳᠠᠯ᠎ᠠ᠃
     ᠭᠤᠷᠪᠠ᠂ ᠬᠦᠯᠢᠶᠡᠨ ᠠᠪᠬᠤ ᠠᠷᠭ᠎ᠠ
     ᠨᠢᠬᠡᠴᠢ ᠪᠤᠯᠤᠨ ᠬᠤᠪᠢ ᠬᠦᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ ᠪᠠᠷ ᠲᠡᠭᠡᠷᠡᠬᠢ ᠢᠯᠡ ᠪᠠᠷ ᠨᠡᠶᠢᠳᠡᠯᠡᠭᠰᠡᠡ ᠬᠦᠮᠥᠰ ᠤᠨ ᠬᠤᠯᠪᠤᠭᠳᠠᠯ ᠪᠦᠬᠦᠢ ᠪᠠᠶᠢᠳᠠᠯ ᠪᠤᠯᠤᠨ ᠠᠰᠠᠭᠤᠳᠠᠯ ᠢ ᠲᠤᠰᠬᠠᠵᠥ ᠪᠤᠯᠤᠨ᠎ᠠ᠃ ᠲᠤᠰᠬᠠᠭᠰᠠᠠ ᠠᠰᠠᠭᠤᠳᠠᠯ ᠢ ᠪᠠᠶᠢᠴᠠᠭᠠᠵᠤ ᠬᠢᠨᠠᠨ ᠬᠠᠷᠭᠤᠭᠤᠯᠬᠤ ᠳᠤ ᠳᠦᠭᠦᠮ ᠪᠣᠯᠭᠠᠬᠤ ᠶᠢᠨ ᠲᠤᠯᠠ᠂ ᠠᠰᠠᠭᠤᠳᠠᠯ ᠢ ᠲᠤᠰᠬᠠᠬᠤ ᠳᠠᠭᠠᠨ ᠬᠤᠯᠪᠤᠭᠳᠠᠯ ᠪᠦᠬᠦᠢ ᠰᠦᠪᠡᠭᠴᠢ᠂ ᠵᠢᠴᠢ ᠲᠤᠰ ᠬᠦᠮᠦᠨ ᠤ ᠵᠢᠩᠬᠢᠨᠢ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯ ᠤᠨ ᠨᠢᠭᠡᠴᠢ ᠵᠡᠷᠭᠡ ᠮᠡᠳᠡᠭᠡ ᠵᠠᠩᠬᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠬᠰᠠᠨ ᠪᠠᠶᠢᠳᠠᠯ ᠢ ᠴᠠᠬ ᠲᠤᠬᠠᠢ ᠳᠤᠨᠢ ᠬᠠᠷᠢᠭᠤ ᠲᠤᠰᠬᠠᠨ᠎ᠠ᠃
     ᠢᠯᠠ ᠨᠡᠶᠢᠲᠡᠯᠡᠬᠦ ᠠᠯᠪᠠᠨ ᠭᠡᠷ ᠢ ᠦᠪᠤᠷ ᠮᠤᠩᠭᠤᠯ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ 401 ᠲᠠᠰᠤᠭ ᠲᠤ ᠳᠤᠬᠢᠷᠠᠭᠤᠯᠪᠠ᠃
     ᠬᠦᠯᠢᠶᠡᠨ ᠠᠪᠬᠤ ᠴᠠᠭ᠄ ᠠᠵᠢᠯ ᠤᠨ ᠡᠳᠤᠷ ᠤᠨ ᠦᠳᠡ ᠶᠢᠨ ᠡᠮᠤᠨᠡᠬᠢ 9᠄ 00 — 12᠄ 00 ᠦᠳᠡ ᠶᠢᠨ ᠬᠤᠶᠢᠨᠠᠬᠢ 13᠄ 30 — 17᠄ 00
     ᠬᠦᠯᠢᠶᠡᠨ ᠠᠪᠬᠤ ᠤᠳᠠᠰᠤ᠄ ︵0471︶ 12380


     ᠤᠨᠴᠠᠭᠠᠢᠢᠯᠠᠨ ᠵᠠᠷᠯᠠᠪᠠ


               ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ

                   ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ


                             2018 ᠤᠨ ᠤ 10 ᠳ᠋ᠤᠭᠠᠷ ᠰᠠᠷ᠎ᠠ ᠶᠢᠨ 30 ᠤ ᠡᠳᠤᠷ

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ