ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠦᠭᠵᠢᠬᠦᠯᠦᠯᠳᠡ ᠶᠢᠨ ᠬᠤᠷᠢᠶᠠᠨ ᠤ ᠠᠯᠪᠠᠨ ᠬᠡᠷ ᠦᠪᠡᠷᠳᠡᠬᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠳᠢᠩᠬᠢᠮ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠳᠤᠪᠴᠢᠶ᠎ᠠ ᠢᠯᠡᠷᠬᠡᠶᠢᠯᠡᠯ ᠡᠯᠬᠦᠨ ᠪᠠᠶᠢᠭᠤᠯᠤᠬᠳᠠᠪᠠ
ᠨᠡᠶᠢᠲᠡᠯᠡᠭᠰᠡᠨ ᠴᠠᠭ᠄
2018/11/13
     11 ᠳ᠋ᠦ᠋ᠭᠡᠷ ᠰᠠᠷ᠎ᠠ ᠶᠢᠨ 9᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠦᠭᠵᠢᠬᠦᠯᠦᠯᠳᠡ ᠶᠢᠨ ᠬᠤᠷᠢᠶᠠᠨ ᠤ ᠠᠯᠪᠠᠨ ᠬᠡᠷ ᠢᠯᠡᠷᠬᠡᠶᠢᠯᠡᠯ ᠢᠶᠠᠨ ᠡᠯᠬᠦᠪᠡ︔ 11 ᠳ᠋ᠦ᠋ᠭᠡᠷ ᠰᠠᠷ᠎ᠠ ᠶᠢᠨ 12᠎ ᠤᠨ ᠡᠳᠦᠷ᠂ ᠦᠪᠡᠷᠳᠡᠬᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠳᠢᠩᠬᠢᠮ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠳᠤᠪᠴᠢᠶ᠎ᠠ ᠤᠷᠢᠳ ᠬᠤᠵᠢᠳ ᠢᠯᠡᠷᠬᠡᠶᠢᠯᠡᠯ ᠢᠶᠠᠨ ᠡᠯᠬᠦᠪᠡ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ 3 ᠨᠢᠬᠡᠴᠢ ᠶᠢᠨ ᠢᠯᠡᠷᠬᠡᠶᠢᠯᠡᠯ ᠡᠯᠬᠦᠬᠦ ᠶᠤᠰᠤᠯᠠᠯ ᠳᠤ ᠤᠷᠤᠯᠴᠠᠬᠰᠠᠨ ᠤ ᠬᠠᠮᠲᠤ ᠪᠠᠶᠠᠷ ᠤᠨ ᠦᠬᠡ ᠬᠡᠯᠡᠵᠦ᠂ ᠦᠪᠦᠷ ᠮᠤᠩᠭᠤᠯ ᠤᠨ ᠴᠡᠷᠢᠭ ᠤᠨ ᠳᠤᠭᠤᠷᠢᠬ ᠤᠨ ᠳᠡᠳ᠋ ᠺᠤᠮᠡᠨᠳᠠᠯᠠᠬᠴᠢ ᠵᠠᠩ ᠶᠢᠩ ᠺᠦᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠦᠭᠵᠢᠬᠦᠯᠦᠯᠳᠡ ᠶᠢᠨ ᠬᠤᠷᠢᠶᠠᠨ ᠤ ᠠᠯᠪᠠᠨ ᠬᠡᠷ ᠤᠨ ᠢᠯᠡᠷᠬᠡᠶᠢᠯᠡᠯ ᠡᠯᠭᠦᠬᠦ ᠶᠤᠰᠤᠯᠠᠯ ᠎ ᠳᠤ ᠤᠷᠤᠯᠴᠠᠪᠠ᠃      ᠮᠠ ᠰᠢᠤᠸᠠᠢ ᠵᠢᠶᠦ᠋ᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠡᠮᠤᠨ᠎ᠠ ᠠᠴᠠ 3 ᠨᠢᠬᠡᠴᠢ ᠶᠢᠨ ᠵᠢᠩᠬᠢᠨᠢ ᠪᠠᠷ ᠪᠠᠶᠢᠭᠤᠯᠤᠬᠳᠠᠬᠰᠠᠨ ᠳᠤ ᠪᠠᠶᠠᠷ ᠬᠦᠷᠬᠡᠪᠡ᠃ ᠳᠡᠷᠡ ᠵᠢᠭᠠᠭᠰᠠᠨ ᠨᠢ᠂ ᠳᠤᠰ ᠤᠳᠠᠭᠠᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠳᠤᠮᠳᠠᠳᠤ ᠶᠢᠨ ᠦᠨᠳᠦᠰᠦᠳᠡᠨ ᠤ ᠠᠯᠤᠰ ᠬᠡᠳᠦ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠭᠠᠷᠭᠠᠬᠰᠠᠨ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠮᠦᠨ ᠪᠢᠳᠡ ᠡᠷᠬᠡᠪᠰᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠡᠬᠦᠷᠬᠡᠯᠡᠯ ᠢᠶᠠᠨ ᠴᠢᠩᠭᠠᠳᠬᠠᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠦ᠂ ᠡᠯ᠎ᠠ ᠳᠦᠷᠦᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ᠂ ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠲᠤ ᠪᠠᠷ ᠳᠡᠷᠬᠡᠯᠰᠢᠬᠦᠯᠬᠦ ᠶᠢᠨ ᠳᠦᠯᠦᠬᠡ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠪᠠ᠃      ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠦᠭᠵᠢᠬᠦᠯᠦᠯᠳᠡ ᠶᠢᠨ ᠬᠤᠷᠢᠶᠠᠨ ᠤ ᠠᠯᠪᠠᠨ ᠬᠡᠷ ᠡᠷᠬᠡᠪᠰᠢ ︽ᠴᠡᠷᠢᠭ ᠠᠷᠠᠳ ᠤᠨ ᠬᠠᠮ ᠬᠦᠭᠵᠢᠬᠦᠯᠦᠯᠳᠡ ᠶᠢᠨ ᠪᠠᠶᠢᠯᠳᠤᠬᠤ ᠪᠤᠳᠤᠯᠭ᠎ᠠ ᠶᠢᠨ ᠬᠦᠳᠦᠯᠪᠤᠷᠢ︾᠎ ᠶᠢ ᠪᠦᠬᠦ ᠳᠠᠯ᠎ᠠ ᠪᠠᠷ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠡᠯᠧᠮᠧᠨ᠋ᠲ ᠤᠨ᠂ ᠤᠯᠠᠨ ᠬᠦᠷᠢᠶᠡᠨ ᠤ᠂ ᠦᠨᠳᠦᠷ ᠦᠷ᠎ᠠ ᠪᠦᠳᠦᠮᠵᠢ ᠲᠠᠢ ᠴᠡᠷᠢᠭ ᠠᠷᠠᠳ ᠤᠨ ᠬᠠᠮ ᠬᠦᠨᠵᠡᠬᠡᠢ ᠬᠦᠭᠵᠢᠬᠦᠯᠦᠯᠳᠡ ᠶᠢᠨ ᠪᠠᠶᠢᠷᠢᠰᠢᠯ ᠢ ᠳᠠᠷᠤᠢ ᠳᠦᠷᠬᠡᠨ ᠪᠦᠷᠢᠯᠳᠦᠬᠦᠯᠵᠦ᠂ ᠴᠡᠷᠢᠭ ᠠᠷᠠᠳ ᠤᠨ ᠬᠠᠮ ᠬᠦᠭᠵᠢᠬᠦᠯᠦᠯᠳᠡ ᠶᠢᠨ ᠠᠵᠢᠯ ᠢ ᠨᠡᠩ ᠦᠨᠳᠦᠷ ᠳᠦᠪᠰᠢᠨ ᠲᠠᠢ᠂ ᠨᠡᠩ ᠬᠦᠨ ᠱᠠᠲᠤ ᠳᠠᠪᠬᠤᠷᠭ᠎ᠠ ᠲᠠᠢ᠂ ᠨᠡᠩ ᠦᠷᠬᠡᠨ ᠬᠦᠷᠢᠶ᠎ᠠ ᠬᠡᠪᠴᠢᠶᠡᠨ ᠤ ᠬᠦᠭᠵᠢᠬᠦᠯᠦᠯᠳᠡ ᠪᠤᠯᠭᠠᠨ ᠠᠬᠢᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠳᠢᠩᠬᠢᠮ ᠡᠷᠬᠡᠪᠰᠢ ᠡᠬᠦᠷᠬᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠵᠦ᠂ ᠨᠢᠬᠡᠳᠦᠩᠬᠦᠢ ᠵᠢᠯᠤᠭᠤᠳᠤᠯᠭ᠎ᠠ ᠲᠠᠢ᠂ ᠮᠡᠷᠬᠡᠵᠢᠯ ᠴᠢᠳᠠᠪᠤᠷᠢ ᠬᠤᠤᠰᠯᠠᠬᠰᠠᠨ᠂ ᠳᠤᠰᠬᠠᠯ ᠬᠤᠷᠴᠠ᠂ ᠳᠡᠬᠡᠷ᠎ᠠ ᠳᠤᠤᠷ᠎ᠠ ᠱᠠᠲᠤ ᠪᠠᠷ ᠢᠶᠠᠨ ᠬᠤᠯᠪᠤᠭᠠᠯᠠᠨ ᠬᠦᠳᠡᠯᠤᠯᠴᠡᠬᠦ᠂ ᠡᠩᠬᠡ ᠳᠠᠶᠢᠪᠤᠩ ᠪᠠ ᠳᠠᠶᠢᠨ ᠪᠠᠶᠢᠯᠳᠤᠭᠠᠨ ᠢ ᠤᠶᠠᠯᠳᠤᠭᠤᠯᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠰᠢᠰᠲ᠋ᠧᠮᠵᠢ ᠶᠢ ᠳᠠᠷᠤᠶᠢᠬᠠᠨ ᠪᠦᠳᠦᠬᠡᠨ ᠪᠠᠶᠢᠭᠤᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠴᠢᠳᠠᠪᠤᠷᠢ ᠶᠢᠨ ᠳᠦᠪᠰᠢᠨ ᠢᠶᠠᠨ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠶᠠᠪᠤᠳᠠᠯ ᠤᠨ ᠦᠢᠯᠡᠴᠢᠯᠡᠬᠡᠨ ᠤ ᠳᠤᠪᠴᠢᠶ᠎ᠠ ᠡᠷᠬᠡᠪᠰᠢ ᠵᠠᠰᠠᠬ ᠵᠠᠬᠢᠷᠭᠠᠨ ᠤ ᠬᠢᠨᠡᠨ ᠵᠦᠪᠰᠢᠶᠡᠷᠡᠬᠦ ᠳᠦᠷᠢᠮ ᠤᠨ ᠦᠬᠡᠷᠡᠴᠢᠯᠡᠯᠳᠡ ᠵᠡᠷᠬᠡ ᠭᠤᠤᠯᠳᠠᠯᠭ᠎ᠠ ᠲᠠᠢ ᠠᠵᠢᠯ ᠢ ᠳᠠᠷᠤᠢ ᠳᠦᠷᠬᠡᠨ ᠠᠬᠢᠭᠤᠯᠵᠦ᠂ ᠳᠡᠷᠢᠬᠦᠨ ᠵᠡᠷᠬᠡ ᠶᠢᠨ ᠵᠠᠰᠠᠬ ᠤᠨ ᠶᠠᠪᠤᠳᠠᠯ ᠤᠨ ᠦᠢᠯᠡᠴᠢᠯᠡᠭᠡ ᠬᠠᠩᠭᠠᠬᠤ᠂ ᠳᠡᠷᠢᠬᠦᠨ ᠵᠡᠷᠬᠡ ᠶᠢᠨ ᠡᠵᠡᠩᠨᠡᠯᠳᠡ ᠬᠤᠳᠠᠯᠳᠤᠭᠠᠨ ᠤ ᠤᠷᠴᠢᠨ ᠢ ᠡᠬᠦᠳᠬᠦ ᠪᠠᠷ ᠴᠢᠷᠮᠠᠶᠢᠵᠦ᠂ ᠠᠵᠦ ᠠᠬᠤᠢᠢᠯᠡᠯ ᠤᠨ ᠦᠢᠯᠡᠰ ᠪᠤᠰᠬᠠᠬᠤ ᠳᠤ ᠨᠡᠩ ᠳᠦᠬᠦᠮ᠂ ᠠᠷᠠᠳ ᠢᠷᠬᠡᠳ ᠤᠨ ᠶᠠᠪᠤᠳᠠᠯ ᠪᠦᠳᠦᠬᠡᠬᠦ ᠳᠤ ᠨᠡᠩ ᠳᠦᠳᠡ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号