ᠤᠷᠳᠤᠰ ᠬᠤᠳᠠ ᠨᠡᠶᠢᠭᠡᠮ ᠤᠨ ᠳᠠᠭᠠᠳᠬᠠᠯ ᠳᠤ ᠣᠷᠣᠯᠴᠠᠭᠤᠯᠬᠤ ᠬᠡᠪᠴᠢᠶ᠎ᠡ ᠶᠢ ᠥᠷᠭᠡᠳᠬᠡᠬᠦ ᠬᠠᠷᠠᠯᠲᠠᠲᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2018/11/13
     10 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠤᠷᠳᠤᠰ ᠬᠤᠳᠠ ᠨᠡᠶᠢᠭᠡᠮ ᠤᠨ ᠳᠠᠭᠠᠳᠬᠠᠯ ᠳᠤ ᠣᠷᠣᠯᠴᠠᠭᠤᠯᠬᠤ ᠬᠡᠪᠴᠢᠶ᠎ᠡ ᠶᠢ ᠥᠷᠭᠡᠳᠬᠡᠬᠦ ᠬᠠᠷᠠᠯᠲᠠᠲᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ᠲᠤᠰ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ 45.05 ᠲᠦᠮᠡ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠶᠢ 106%᠎ ᠪᠠᠷ ᠪᠡᠶᠡᠯᠡᠭᠦᠯᠪᠡ᠃ ᠡᠭᠦᠨ ᠳᠤ᠂ ᠠᠵᠤ ᠠᠬᠤᠶᠢᠯᠠᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠤᠰ ᠲᠤᠰ 26.5 ᠲᠦᠮᠡᠨ ᠬᠥᠮᠥᠨ᠂ 9.26 ᠲᠦᠮᠡᠨ ᠬᠥᠮᠥᠨ ᠳᠤ ᠬᠦᠷᠴᠦ᠂ ᠲᠤᠰ ᠪᠦᠷᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠷᠠᠯᠲᠠᠲᠤ ᠡᠭᠦᠷᠭᠡ ᠶᠢ 108%᠂ 106%᠎ ᠪᠠᠷ ᠪᠡᠶᠡᠯᠡᠭᠦᠯᠪᠡ᠃ ᠠᠵᠢᠯ ᠤᠨ ᠭᠡᠮᠲᠦᠯ᠂ ᠦᠷᠡᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠤᠰ ᠲᠤᠰ 31.89 ᠲᠦᠮᠡᠨ ᠬᠥᠮᠦᠨ᠂ 31.93 ᠲᠦᠮᠡᠨ ᠬᠥᠮᠦᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠶᠢ 114%᠂ 114%᠎ ᠪᠠᠷ ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 51.62 ᠲᠦᠮᠡᠨ ᠬᠥᠮᠥᠨ ᠳᠤ ᠬᠦᠷᠴᠦ᠂ ᠡᠭᠦᠨ ᠳᠤ᠂ ᠬᠠᠷᠠᠭᠠᠯᠵᠠᠯ ᠬᠦᠷᠲᠡᠵᠦ ᠪᠠᠶᠢᠭ᠎ᠠ ᠬᠥᠮᠦᠨ ᠤ ᠲᠤᠭ᠎ᠠ ᠨᠢ 19.45 ᠲᠦᠮᠡᠨ ᠬᠥᠮᠦᠨ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号