ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠡᠮᠯᠡᠯ ᠪᠠ ᠬᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠬᠡᠷᠡᠭᠵᠢᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2018/11/13
     ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ᠂ ︽ᠵᠠᠬ᠎ᠠ ᠳᠡᠯᠭᠡᠭᠦᠷ ᠲᠤ ᠤᠷᠤᠬᠤ ᠶᠢ ᠨᠢ ᠵᠦᠪᠰᠢᠶᠡᠷᠡᠭᠰᠡᠨ ᠪᠠᠶᠢᠲᠠᠯ᠎ᠠ ᠪᠠᠨ ᠡᠵᠡᠩᠨᠡᠬᠦ ᠶᠢ ᠨᠢ ᠦᠯᠦ ᠵᠦᠪᠰᠢᠶᠡᠷᠡᠬᠦ︾ ᠠᠰᠠᠭᠤᠳᠠᠯ ᠢ ᠰᠢᠢᠳᠪᠦᠷᠢᠯᠡᠵᠦ᠂ ᠬᠠᠤᠯᠢᠵᠢᠭᠰᠠᠠ᠂ ᠳᠡᠯᠡᠬᠡᠶᠢᠴᠢᠯᠡᠭᠰᠡᠨ᠂ ᠳᠥᠭᠦᠮᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ ᠪᠤᠯᠭᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2018 ᠤᠨ ᠤ 11 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠬᠢᠯᠡᠨ᠂ ᠪᠦᠬᠦ ᠣᠷᠣᠨ ᠤ ᠬᠡᠪᠴᠢᠶᠡᠨ ᠳᠣᠲᠣᠷ᠎ᠠ ᠠᠩᠬᠠᠳᠤᠭᠴᠢ ᠪᠦᠯᠦᠭ 106 ᠵᠦᠢᠯ ᠤᠨ ᠠᠵᠤ ᠠᠬᠤᠶᠢᠯᠠᠯ ᠳᠤ ᠬᠤᠯᠪᠤᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠲᠤᠰ ᠲᠤᠰ ᠳᠥᠷᠪᠡᠨ ᠵᠦᠶᠯ ᠤᠨ ᠠᠷᠭ᠎ᠠ ᠬᠡᠯᠪᠡᠷᠢ ᠪᠠᠷ ᠦᠭᠡᠷᠡᠴᠢᠯᠡᠨ ᠬᠡᠷᠡᠭᠵᠢᠭᠦᠯᠬᠦ ︵ᠪᠣᠳᠠᠲᠤ ᠬᠡᠷᠡᠭ ᠶᠠᠪᠤᠳᠠᠯ ᠤᠨ ᠭᠠᠷᠴᠠᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠡᠮᠯᠡᠯ ᠪᠠ ᠬᠡᠷᠡᠴᠢ ᠶᠢ ᠰᠠᠯᠭᠠᠬᠤ  ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ ᠠᠴᠠ ᠯᠠᠪᠯᠠᠭᠠᠷᠠᠢ︾︶᠎ ᠪᠠᠷ ᠪᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠪᠠ᠄      ᠨᠢᠭᠡ᠂ ᠵᠠᠬ᠎ᠠ ᠳᠡᠯᠭᠡᠭᠦᠷ ᠤᠨ ᠲᠣᠭᠲᠠᠴᠠ ᠶᠢ ᠪᠦᠲᠦᠮᠵᠢᠲᠡᠶ ᠪᠠᠷ ᠲᠣᠬᠢᠷᠠᠭᠤᠯᠵᠤ ᠴᠢᠳᠠᠬᠤ᠂ ᠠᠵᠢᠯ ᠲᠥᠷᠥᠯ ᠤᠨ ᠥᠪᠡᠷ ᠢ ᠪᠠᠨ ᠬᠢᠵᠠᠭᠠᠷᠯᠠᠬᠤ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠪᠤᠯ ᠬᠢᠨᠠᠨ ᠵᠥᠪᠰᠢᠶᠡᠷᠡᠯ ᠢ ᠎ ᠨᠢ ᠬᠦᠴᠦᠨ ᠦᠬᠡᠢ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠡᠵᠡᠩᠨᠡᠯᠲᠡ ᠶᠢᠨ ᠦᠨᠡᠮᠯᠡᠯ ᠣᠯᠪᠠᠯ ᠳᠠᠷᠤᠶ ᠬᠠᠮᠢᠶ᠎ᠠ ᠪᠥᠬᠦᠶ ᠡᠵᠡᠩᠨᠡᠯᠲᠡ ᠶᠢᠨ ᠠᠵᠢᠯᠯᠠᠭ᠎ᠠ ᠦᠷᠨᠢᠭᠦᠯᠵᠦ ᠪᠤᠯᠤᠨ᠎ᠠ᠃      ᠬᠤᠶᠠᠷ᠂ ᠬᠢᠨᠠᠨ ᠵᠦᠪᠰᠢᠶᠡᠷᠡᠬᠦ ᠶᠢ ᠬᠦᠴᠦᠨ ᠦᠭᠡᠢ ᠪᠤᠯᠭᠠᠭᠰᠠᠨ ᠤ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠴᠠᠭ ᠲᠤᠬᠠᠶ ᠳᠤ ᠨᠢ ᠬᠠᠮᠢᠶ᠎ᠠ ᠪᠥᠬᠦᠶ ᠮᠡᠳᠡᠭᠡ ᠵᠠᠩᠭᠢ ᠶᠢ ᠣᠨᠣᠪᠴᠢᠲᠠᠶ ᠣᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠮᠵᠢ ᠥᠭᠬᠦ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠪᠠ ᠤᠯᠡᠠ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠶᠢ ᠨᠡᠩ ᠰᠠᠶᠢᠨ ᠦᠷᠨᠢᠭᠦᠯᠬᠦ ᠶᠢ ᠳᠠᠩᠰᠠᠯᠠᠭᠤᠯᠬᠤ ᠪᠤᠯᠭᠠᠨ ᠦᠭᠡᠷᠡᠴᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠭᠰᠡᠨ ᠤ ᠳᠠᠷᠠᠭ᠎ᠠ ᠬᠠᠮᠢᠶ᠎ᠠ ᠪᠥᠬᠦᠶ ᠡᠵᠡᠩᠨᠡᠯᠲᠡ ᠶᠢᠨ ᠠᠵᠢᠯᠯᠠᠭ᠎ᠠ ᠦᠷᠨᠢᠭᠦᠯᠵᠦ ᠪᠤᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠠᠬᠢᠨ ᠬᠢᠨᠠᠨ ᠵᠦᠪᠰᠢᠶᠡᠷᠡᠯ ᠬᠢᠬᠦ ᠦᠭᠡᠢ᠃      ᠭᠤᠷᠪᠠ᠂ ᠬᠢᠨᠠᠨ ᠵᠥᠪᠰᠢᠶᠡᠷᠡᠯ ᠢ ᠨᠢ ᠲᠦᠷ ᠴᠠᠭ ᠬᠦᠴᠦᠨ ᠦᠭᠡᠢ ᠪᠣᠯᠭᠠᠵᠤ ᠪᠣᠯᠬᠤ ᠦᠭᠡᠢ᠂ ᠭᠡᠪᠡᠴᠦ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠦᠭᠡᠢ ᠦᠢᠯᠡ ᠠᠵᠢᠯᠯᠠᠭ᠎ᠠ ᠪᠠᠨ ᠵᠠᠯᠠᠷᠠᠭᠤᠯᠵᠤ ᠴᠢᠳᠠᠬᠤ ᠳᠤ ᠬᠦᠷᠪᠡᠯ᠂ ᠠᠮᠠᠯᠠᠯᠲᠠ ᠬᠢᠯᠭᠡᠬᠦ ᠪᠠᠷ ᠮᠡᠳᠡᠭᠳᠡᠨ᠎ᠡ᠃      ᠳᠦᠷᠪᠡ᠂ ᠤᠯᠤᠰ ᠣᠷᠣᠨ ᠤ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠪᠠ ᠤᠯᠠᠨ ᠨᠡᠶᠢᠲᠡ ᠶᠢᠨ ᠡᠷᠡᠭᠦᠯ ᠮᠡᠨᠳᠤ ᠵᠡᠷᠭᠡ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠤᠭᠳᠠᠬᠤ ᠶᠠᠪᠤᠳᠠᠯ ᠳᠤ ᠬᠢᠨᠠᠨ ᠵᠥᠪᠰᠢᠶᠡᠷᠡᠬᠦ ᠶᠢ ᠦᠯᠡᠳᠡᠭᠡᠵᠦ᠂ ᠵᠠᠬ᠎ᠠ ᠳᠡᠯᠭᠡᠭᠦᠷ ᠲᠤ ᠤᠷᠤᠬᠤ ᠶᠢ ᠵᠦᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃      ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠬᠡᠨ ᠬᠢᠨᠠᠨ ᠵᠦᠪᠰᠢᠶᠡᠷᠡᠭᠰᠡᠨ ᠪᠤᠯ ᠲᠡᠷᠡ ᠬᠢᠨᠠᠨ ᠬᠠᠮᠢᠶᠠᠷᠬᠤ᠂ ᠬᠡᠨ ᠭᠤᠤᠯᠴᠢᠯᠠᠨ ᠬᠠᠮᠢᠶᠠᠷᠴᠤ ᠪᠠᠶᠢᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠦᠬᠡᠳᠬᠡᠵᠦ᠂ ᠠᠵᠤ ᠠᠬᠤᠶᠢᠯᠠᠯ ᠤᠨ ᠲᠦᠷᠭᠡᠨ ᠵᠠᠬ᠎ᠠ ᠳᠡᠯᠭᠡᠭᠦᠷ ᠲᠤ ᠣᠷᠣᠬᠤ ᠳᠤ ᠨᠢ ᠳᠦᠬᠦᠮ ᠦᠵᠡᠭᠦᠯᠬᠦ ᠬᠡᠷᠡᠭᠲᠡᠢ᠃      ᠡᠭᠦᠨ ᠤ ᠲᠤᠯᠠ ᠣᠨᠴᠣᠭᠤᠶᠢᠯᠠᠨ ᠵᠠᠷᠯᠠᠪᠠ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                2018 ᠤᠨ ᠤ 11 ᠳ᠋ᠦ᠋ᠭᠡᠷ ᠰᠠᠷ᠎ᠠ ᠶᠢᠨ 10᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号