ᠦᠬᠠᠢ ᠬᠤᠳᠠ ᠡᠮᠴᠢᠯᠡᠭᠡ ᠪᠣᠯᠣᠨ ᠠᠰᠠᠷᠠᠮᠵᠢ ᠶᠢ ᠤᠶᠠᠯᠳᠤᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠳᠠᠰᠤᠷᠠᠯᠲᠠ ᠦᠭᠡᠢ ᠲᠡᠭᠦᠯᠳᠡᠷᠵᠢᠭᠦᠯᠵᠦ ᠪᠤᠢ
ᠨᠡᠶᠢᠲᠡᠯᠡᠭᠰᠡᠨ ᠴᠠᠭ᠄
2018/11/14
     ᠨᠢᠭᠡ ᠳᠤ ᠢ ᠡᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠠᠰᠠᠷᠠᠬᠤ ᠪᠠ ᠰᠤᠪᠢᠯᠠᠬᠤ ᠶᠢ ᠨᠢᠭᠡ ᠴᠣᠭᠴᠠᠵᠢᠭᠤᠯᠤᠭᠰᠠᠨ ᠲᠤᠷᠰᠢᠯᠲᠠ ᠶᠢ ᠲᠦᠯᠬᠢᠨ ᠠᠬᠢᠭᠤᠯᠵᠤ᠂ ᠲᠥᠪᠯᠡᠷᠡᠭᠰᠡᠨ ᠠᠮᠢᠳᠤᠷᠠᠯ ᠢ ᠨᠢ ᠬᠠᠷᠠᠭᠠᠯᠵᠠᠬᠤ᠂ ᠡᠮᠴᠢᠯᠡᠭᠡᠨ ᠡᠷᠡᠭᠦᠯᠵᠢᠭᠦᠯᠬᠦ᠂ ᠡᠷᠡᠭᠦᠯᠵᠢᠭᠦᠯᠦᠨ ᠰᠤᠪᠢᠯᠠᠬᠤ᠂ ᠠᠮᠤᠷ ᠲᠠᠶᠢᠪᠤᠩ ᠡᠮᠨᠡᠨ ᠰᠤᠪᠢᠯᠠᠭᠤᠯᠬᠤ ᠶᠢ ᠨᠢᠭᠡ ᠴᠣᠭᠴᠠᠵᠢᠭᠤᠯᠤᠭᠰᠠᠨ ᠡᠮᠴᠢᠯᠡᠭᠡ ᠪᠣᠯᠣᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠪᠦᠷᠢᠨᠰᠢᠭᠦᠯᠵᠡᠢ᠃ ᠬᠤᠶᠠᠷ ᠲᠤ ᠠᠷᠠᠳ ᠠᠴᠠ ᠡᠷᠭᠢᠯᠡᠭᠰᠡᠨ ᠠᠰᠢᠭ ᠣᠯᠵᠠᠪᠤᠷᠢ ᠶᠢᠨ ᠪᠤᠰᠤ ᠴᠢᠨᠠᠷᠲᠠᠶ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠨ᠂ ᠲᠥᠪᠯᠡᠷᠡᠭᠦᠯᠦᠨ ᠰᠡᠷᠭᠡᠶᠢᠯᠡᠬᠦ᠂ ᠰᠤᠪᠢᠯᠠᠬᠤ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠡᠮᠴᠢᠯᠡᠭᠡ ᠪᠣᠯᠣᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠵᠠᠢ᠃ ᠭᠤᠷᠪᠠ ᠳᠤ ᠡᠮᠴᠢᠯᠡᠭᠡ ᠪᠣᠯᠣᠨ ᠠᠰᠠᠷᠠᠮᠵᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠤᠶᠠᠳᠤᠭᠠᠷ ᠳᠡᠰ ᠤᠨ 1 ᠡᠮᠴᠢᠯᠡᠭᠡᠨ ᠤ ᠪᠠᠶᠢᠭᠤᠯᠤᠮᠵᠢ ᠪᠣᠯᠣᠨ ᠦᠨᠳᠦᠰᠦᠨ ᠱᠠᠲᠤᠨ ᠤ 1 ᠡᠮᠴᠢᠯᠡᠭᠡᠨ ᠤ ᠪᠠᠶᠢᠭᠤᠯᠤᠮᠵᠢ ᠨᠢ ᠬᠠᠮᠲᠤ ᠪᠠᠷ ᠨᠠᠰᠤᠵᠢᠯ ᠤᠨ ᠠᠰᠠᠷᠠᠮᠵᠢ ᠶᠢᠨ1 ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠬᠢᠵᠦ ᠬᠠᠮᠲᠤᠪᠠᠷ ᠪᠠᠶᠢᠭᠤᠯᠬᠤ ᠠᠷᠭ᠎ᠠ ᠠᠪᠴᠠᠢ᠂ ᠣᠳᠣᠬᠠᠨ ᠳᠤ 9 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠴᠥᠮ ᠭᠡᠷ᠎ᠡ ᠲᠣᠭᠲᠠᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠲᠣᠲᠣᠮ ᠤᠨ ᠬᠠᠷᠠᠭᠠᠯᠵᠠᠯ ᠤᠨ 8 ᠲᠥᠪ ᠎ ᠯᠦᠭᠡ ᠵᠥᠪᠳᠡᠯᠴᠡᠨ ᠬᠠᠮᠵᠢᠯᠴᠠᠬᠤ ᠪᠤᠶᠤ ᠳᠠᠭᠠᠭᠠᠨ ᠠᠪᠴᠤ ᠠᠵᠢᠯᠯᠠᠬᠤ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号