ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠵᠤ  ᠯᠢ ᠵᠢᠢ ᠾᠧᠩ ᠶᠠᠷᠢᠶ᠎ᠠ ᠲᠠᠯᠪᠢᠨ ᠪᠦ᠋ ᠰᠢᠶᠤᠤ ᠯᠢᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/11/15

     11 ᠳ᠋ᠦ᠋ᠭᠡᠷ ᠰᠠᠷ᠎ᠠ ᠶᠢᠨ 8 ᠤ ᠡᠳᠦᠷ᠂ ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ‍ᠤᠨ‌‍ᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠡᠢ᠃
     ᠯᠢ ᠵᠢᠢ ᠾᠧᠩ ᠵᠢᠭᠠᠵᠤ ᠭᠠᠷᠭᠠᠭᠰᠠᠨ ᠨᠢ᠂ ᠤᠳᠤᠬᠠᠨ ᠳᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠶᠠᠭ ᠪᠦᠬᠦ ᠲᠠᠯ᠎ᠠ ᠪᠠᠷ ᠦᠷᠨᠢᠵᠤ ᠬᠦᠨᠵᠡᠭᠡᠶᠢᠷᠡᠨ ᠠᠬᠢᠬᠤ ᠰᠢᠨ᠎ᠠ ᠱᠠᠳᠤᠨ ᠳᠤ ᠤᠷᠤᠰᠢᠵᠤ ᠪᠠᠶᠢᠨ᠎ᠠ᠃ ᠡᠯ᠎ᠠ ᠱᠠᠳᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠢᠯᠠᠩᠭᠤᠶ᠎ᠠ ᠤᠯᠤᠰ ᠲᠦᠷᠦ ᠬᠠᠤᠯᠢ ᠴᠠᠭᠠᠵᠠ ᠶᠢᠨ ᠹᠷᠤᠨᠲ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠭᠦᠯᠵᠤ᠂ ︽ᠬᠤᠶᠠᠷ ᠢ ᠡᠷᠡᠰ ᠬᠠᠮᠠᠭᠠᠯᠠᠵᠤ︾᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠡᠴᠤᠰ ᠲᠤ ᠨᠢ ᠲᠤᠯᠳᠠᠯ᠎ᠠ ᠡᠷᠴᠢᠮᠳᠡᠢ ᠬᠢᠭᠦ ᠬᠡᠷᠡᠭᠳᠡᠢ ᠭᠡᠵᠡᠢ᠃
     ᠯᠢ ᠵᠢᠢ ᠾᠧᠩ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠶᠠᠪᠤᠳᠠᠯ ᠳᠤ ᠴᠤᠬᠢᠯᠳᠠ ᠦᠭᠭᠦ ᠳᠤ ᠠᠩᠬᠠᠷᠤᠯ ᠢᠶᠠᠨ ᠲᠦᠪᠯᠡᠷᠡᠭᠦᠯᠵᠤ᠂ ᠲᠡᠮᠡᠴᠡᠯ ᠤᠨ ᠠᠷᠭ᠎ᠠ ᠠᠪᠴᠠᠯ ᠢᠶᠠᠨ ᠲᠡᠭᠦᠯᠳᠡᠷᠵᠢᠭᠦᠯᠦᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠰᠦᠷ ᠬᠦᠴᠦᠳᠤ ᠪᠠᠶᠢᠳᠠᠯ ᠢ ᠦᠷᠭᠦᠯᠵᠢᠯᠡᠨ ᠪᠠᠳᠤᠯᠠᠬᠤ ᠬᠡᠷᠡᠭᠳᠡᠢ᠃ ︽ᠬᠤᠶᠠᠷ ᠪᠦᠬᠦᠨ︾ ᠤ ᠱᠠᠭᠠᠷᠳᠠᠯᠭ᠎ᠠ ᠶᠢ ᠡᠷᠡᠰ ᠨᠡᠶᠢᠳᠡᠪᠦᠷᠢᠵᠢᠭᠤᠯᠵᠤ᠂ ︽ᠬᠠᠮᠠᠭᠠᠯᠠᠬᠴᠢ︾ ᠶᠢ ᠨᠢ ᠬᠦᠨ ᠠᠭᠤᠳᠠᠯᠤᠨ ᠲᠦᠢᠯᠪᠦᠷᠢᠳᠠᠢ ᠪᠠᠶᠢᠴᠠᠭᠠᠬᠤ ᠬᠡᠷᠡᠭᠳᠡᠢ᠃ ᠬᠠᠤᠯᠢ ᠶᠤᠰᠤᠭᠠᠷ ᠬᠡᠷᠡᠭ ᠰᠢᠢᠳᠪᠤᠷᠢᠯᠡᠬᠦ ᠶᠢ ᠴᠢᠩᠳᠠᠯᠠᠵᠤ᠂ ᠬᠡᠷᠡᠭ ᠨᠢᠭᠡ ᠪᠦᠷᠢ ᠶᠢ ᠴᠦᠮ ᠬᠠᠤᠯᠢ ᠴᠠᠭᠠᠵᠠ ᠪᠤᠯᠤᠨ ᠲᠡᠤᠭᠡ ᠶᠢᠨ ᠰᠢᠯᠭᠠᠯᠳᠠ ᠶᠢ ᠲᠠᠭᠠᠭᠠᠵᠤ ᠲᠡᠶᠢᠯᠭᠦ ᠶᠢ ᠪᠠᠳᠤᠯᠠᠬᠤ ᠬᠡᠷᠡᠭᠳᠡᠢ᠃ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠲᠦᠷᠭᠡᠳᠭᠡᠨ ᠪᠠᠶᠢᠭᠤᠯᠵᠦ ᠪᠦᠷᠢᠨᠰᠢᠭᠦᠯᠦᠨ᠂ ᠲᠤᠰᠬᠠᠢ ᠲᠡᠮᠡᠴᠡᠯ ᠤᠨ ᠦᠷ᠎ᠠ ᠪᠦᠳᠦᠮᠵᠢ ᠶᠢ ᠰᠠᠶᠢᠳᠤᠷ ᠪᠠᠬᠢᠵᠢᠭᠦᠯᠭᠦ ᠬᠡᠷᠡᠭᠳᠡᠢ᠃ ᠤᠯᠠᠨ ᠲᠦᠮᠡᠨ ᠢ ᠬᠦᠢᠴᠡᠳ ᠲᠠᠶᠢᠴᠢᠯᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠷᠠᠳ ᠤᠨ ᠲᠠᠶᠢᠨ ᠢ ᠬᠢᠭᠦ ᠬᠡᠷᠡᠭᠳᠡᠢ ᠭᠡᠵᠡᠢ᠃
     ᠯᠢ ᠵᠢᠢ ᠾᠧᠩ ᠱᠠᠭᠠᠷᠳᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠨᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠭᠤᠤᠯ ᠬᠠᠷᠢᠭᠤᠴᠠᠯᠭᠠᠳᠠᠨ ᠨᠦᠬᠦᠳ ᠪᠡᠶ᠎ᠠ ᠪᠠᠷ ᠢᠶᠠᠨ ᠠᠰᠠᠭᠤᠳᠠᠯ ᠢ ᠰᠤᠳᠤᠯᠵᠤ᠂ ᠠᠵᠢᠯ ᠢ ᠠᠬᠢᠭᠤᠯᠬᠤ ᠬᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠡᠯ᠎ᠠ ᠱᠠᠳᠤᠨ ᠤ ᠤᠳᠤᠷᠢᠳᠬᠤ ᠲᠤᠭᠤᠢᠢᠯᠠᠩ ᠨᠢ ᠨᠢᠭᠡᠳᠦᠯᠳᠡᠢ ᠲᠦᠯᠦᠪᠵᠢᠭᠦᠯᠦᠨ ᠵᠤᠬᠢᠴᠠᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠤᠨ ᠠᠵᠢᠯ ᠢ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠡᠯ᠎ᠠ ᠱᠠᠳᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠢ ᠬᠠᠮᠵᠢᠯᠴᠠᠬᠤ ᠲᠤᠬᠳᠠᠴᠠ ᠪᠠᠨ ᠪᠦᠷᠢᠨᠰᠢᠭᠦᠯᠤᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠭᠡᠴᠢ ᠨᠢ ᠦᠪᠡᠷ ᠦᠪᠡᠷ ᠤᠨ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠰᠠᠶᠢᠳᠤᠷ ᠨᠡᠶᠢᠳᠡᠪᠦᠷᠢᠵᠢᠭᠤᠯᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠤᠳᠠᠳᠠᠢ ᠭᠠᠵᠠᠷ ᠲᠤ ᠨᠢ ᠨᠡᠶᠢᠳᠡᠪᠦᠷᠢᠵᠢᠭᠤᠯᠬᠤ ᠶᠢ ᠠᠬᠢᠭᠤᠯᠬᠤ ᠬᠡᠷᠡᠭᠳᠡᠢ ᠭᠡᠵᠡᠢ᠃
     ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠦᠨᠡᠨ ᠬᠦ ᠲᠤᠰᠬᠠᠢ ᠲᠡᠮᠡᠴᠡᠯ ᠢᠶᠠᠷ ︽ᠲᠦᠷᠪᠡᠨ ᠤᠬᠠᠮᠰᠠᠷ︾ ᠪᠤᠯᠤᠠ ︽ᠬᠤᠶᠠᠷ ᠢ ᠡᠷᠡᠰ ᠬᠠᠮᠠᠭᠠᠠᠯᠠᠬᠤ︾ ᠶᠢ ᠦᠢᠯᠡᠳᠦᠯᠭᠡᠵᠢᠭᠦᠯᠭᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠭᠤᠤᠯ ᠬᠠᠷᠢᠭᠤᠴᠠᠯᠭᠠᠳᠠᠨ ᠨᠦᠬᠦᠳ ᠪᠡᠶ᠎ᠠ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠤᠷᠢᠳᠴᠢᠯᠠᠨ ᠵᠢᠯᠤᠭᠤᠳᠴᠤ᠂ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠦᠴᠦᠭᠡᠨ ᠴᠤ ᠢᠯᠳᠠᠷ ᠦᠯᠦ ᠬᠠᠶᠠᠬᠤ ᠤᠪᠤᠷ ᠪᠤᠯᠤᠨ ᠡᠷᠡᠰ ᠢᠯᠠᠯᠳᠠ ᠤᠯᠬᠤ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ ᠲᠤᠰᠬᠠᠢ ᠲᠡᠮᠡᠴᠡᠯ ᠢ ᠲᠠᠰᠤᠷᠠᠯᠳᠠ ᠦᠭᠡᠢ ᠬᠦᠨᠵᠡᠭᠡᠶᠢᠷᠡᠭᠦᠯᠦᠨ ᠠᠬᠢᠭᠤᠯᠬᠤ ᠬᠡᠷᠡᠭᠳᠡᠢ᠃ ᠡᠷᠳᠡ ᠠᠴᠠ ᠴᠤᠬᠢᠯᠳᠡ ᠦᠭᠴᠤ ᠪᠠᠭ᠎ᠠ ᠠᠴᠠ ᠨᠢ ᠴᠤᠬᠢᠯᠳᠠ ᠦᠭᠬᠦ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ᠂ ᠬᠠᠷᠬᠢᠰ ᠬᠦᠴᠦᠨ ᠢ ᠬᠤᠭ ᠦᠭᠡᠢ ᠠᠷᠢᠯᠭᠠᠬᠤ ᠶᠢ ᠪᠠᠷᠢᠮᠳᠠᠯᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠡᠷᠡᠰ ᠠᠷᠢᠯᠭᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ︽ᠬᠠᠮᠠᠭᠠᠯᠠᠬᠴᠢ︾ ᠶᠢ ᠡᠴᠤᠰ ᠲᠤ ᠨᠢ ᠲᠤᠯᠳᠠᠯ᠎ᠠ ᠪᠠᠶᠢᠴᠠᠭᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠬᠦᠪᠦᠷᠡᠭᠦ ᠬᠦᠷᠦᠰᠦ ᠰᠢᠷᠤᠢ ᠶᠢ ᠲᠦᠢᠯᠪᠦᠷᠢᠳᠠᠢ ᠠᠷᠢᠯᠭᠠᠬᠤ ᠬᠡᠷᠡᠭᠳᠡᠢ᠃ ᠲᠤᠰᠬᠠᠢ ᠲᠡᠮᠡᠴᠡᠯ ᠤᠨ ᠲᠤᠮᠳᠠ ᠪᠦᠷᠢᠯᠳᠦᠭᠰᠡᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠴᠠᠭ ᠲᠤᠬᠠᠢ ᠳᠤ ᠨᠢ ᠲᠦᠷᠢᠮ ᠪᠤᠯᠭᠠᠨ ᠬᠤᠪᠢᠷᠠᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠠᠶᠢᠩᠭᠤᠵᠢᠬᠰᠠᠨ ᠠᠵᠢᠯᠯᠠᠭ᠎ᠠ ᠶᠢ ᠠᠬᠢᠭᠤᠯᠬᠤ ᠬᠡᠷᠡᠭᠲᠡᠢ ᠭᠡᠵᠡᠢ᠃
     ᠯᠦᠸᠧ ᠶᠦᠩ ᠭᠠᠩ ᠴᠢᠬᠤᠯᠠᠴᠢᠯᠠᠭᠰᠠᠨ ᠨᠢ᠂ ᠲᠦᠪ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ︽ᠠᠷᠪᠠᠨ ᠰᠢᠨ᠎ᠠ ᠲᠠᠪᠠᠯᠳᠠ︾ ᠶᠢ ᠪᠡᠶᠡᠯᠡᠭᠦᠯᠭᠦ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠲᠠᠢ ᠨᠢᠬᠳᠠ ᠤᠶᠠᠯᠳᠤᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠡᠭᠦᠷᠭᠡᠯᠡᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠭᠤᠤᠯ ᠬᠦᠴᠦᠨ ᠴᠡᠷᠢᠭ ᠪᠤᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ᠂ ᠵᠤᠬᠢᠶᠠᠨ ᠪᠠᠶᠢᠭᠤᠯᠬᠤ ᠵᠡᠷᠭᠡ ᠰᠠᠯᠠᠭ᠎ᠠ ᠮᠦᠴᠢᠷ ᠯᠦᠭᠡ ᠬᠠᠮᠳᠤᠷᠠᠵᠤ ᠪᠠᠶᠢᠭᠠᠳ ︽ᠬᠠᠮᠠᠭᠠᠯᠠᠬᠴᠢ︾ ᠶᠢ ᠨᠢ ᠬᠦᠨ ᠠᠭᠤᠳᠠᠯᠤᠨ ᠲᠦᠢᠯᠪᠦᠷᠢᠳᠠᠢ ᠪᠠᠶᠢᠴᠠᠭᠠᠵᠤ᠂ ᠬᠦᠴᠦᠷᠭᠡᠭ ᠶᠡᠭᠡ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠵᠤ᠂ ᠡᠬᠢ ᠡᠭᠦᠰᠦᠯ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠠᠷᠠᠳ ᠤᠨ ᠲᠠᠶᠢᠨ ᠢ ᠦᠨᠡᠨ ᠬᠦ ᠰᠠᠶᠢᠳᠤᠷ ᠬᠢᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ᠬᠦᠪᠦᠷᠡᠭᠦ ᠬᠦᠷᠦᠰᠦ ᠰᠢᠷᠤᠢ ᠶᠢ ᠡᠷᠡᠰ ᠠᠷᠢᠯᠭᠠᠬᠤ ᠬᠡᠷᠡᠭᠳᠡᠢ ᠭᠡᠵᠡᠢ᠃
     

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ