ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/11/19

     11 ᠳ᠋ᠦ᠋ᠭᠡᠷ ᠰᠠᠷ᠎ᠠ ᠶᠢᠨ 16 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠳᠠ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠵᠠᠷᠯᠠᠨ ᠨᠡᠶᠢᠳᠡᠯᠡᠵᠤ᠂ ᠦᠪᠡᠷᠳᠡᠭᠡᠨ ᠵᠠᠰᠠᠬᠤ ᠤᠷᠤᠨ ᠤ ᠲᠦᠪ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠳᠠ ᠶᠢᠨ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠵᠢᠴᠢ ᠨᠤᠳᠤᠭ ᠪᠡᠯᠴᠢᠭᠡᠷ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠤᠨ ᠲᠤᠰᠬᠠᠢ ᠰᠢᠮᠳᠠᠭᠤᠯᠤᠨ ᠪᠠᠶᠢᠴᠠᠭᠠᠯᠳᠠ ᠠᠴᠠ ᠬᠠᠷᠢᠭᠤ ᠲᠤᠰᠬᠠᠬᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠵᠡᠷᠭᠡ ᠵᠦᠢᠯᠡᠰ ᠢ ᠰᠤᠳᠤᠯᠪᠠ᠃
     ᠬᠤᠷᠠᠯ ᠠᠴᠠ ᠵᠢᠭᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠳᠠ ᠠᠴᠠ ᠬᠠᠷᠢᠭᠤ ᠲᠤᠰᠬᠠᠬᠰᠠᠨ ᠠᠰᠠᠭᠤᠳᠠᠯ ᠪᠤᠯᠤᠨ ᠲᠤᠷᠠᠳᠤᠬᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠲᠦᠪ ᠴᠢᠩᠭ᠎ᠠ ᠪᠠᠷ ᠬᠠᠨᠳᠤᠵᠦ᠂ ᠴᠡᠭᠴᠡᠯᠡᠨ ᠰᠠᠶᠢᠵᠢᠷᠠᠭᠤᠯᠬᠤ ᠲᠦᠰᠦᠯ ᠢ ᠲᠤᠬᠳᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠳᠤ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠭᠦ ᠶᠢ ᠢᠮᠠᠬᠳᠠ ᠲᠤᠭᠤᠰᠢᠯᠠᠭᠤᠯᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠭᠦ ᠶᠢ ᠪᠠᠷᠢᠮᠳᠠᠯᠠᠵᠤ᠂ ᠦᠨᠡᠨ ᠬᠦ ᠪᠦᠬᠦ ᠲᠠᠯ᠎ᠠ ᠪᠠᠷ ᠲᠦᠢᠯᠪᠦᠷᠢᠳᠡᠢ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ ᠴᠡᠭᠴᠡᠯᠡᠨ ᠰᠠᠶᠢᠵᠢᠷᠠᠭᠤᠯᠬᠤ ᠶᠠᠪᠤᠳᠠᠯ ᠢᠶᠠᠷ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠦᠵᠡᠯ ᠰᠠᠨᠠᠭ᠎ᠠ ᠤᠶᠢᠯᠠᠭᠠᠬᠳᠠᠬᠤᠨ ᠢᠶᠠᠨ ᠦᠨᠡᠨ ᠬᠦ ᠬᠤᠪᠢᠷᠠᠭᠤᠯᠦᠨ᠂ ᠰᠢᠨ᠎ᠠ ᠬᠦᠭᠵᠢᠯᠳᠡ ᠶᠢᠨ ᠣᠨᠣᠯᠵᠢᠬᠤᠨ ᠪᠠ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠪᠠᠳᠤ ᠡᠵᠡᠮᠳᠡᠵᠤ᠂ ᠪᠦᠳᠦᠮᠵᠢᠳᠡᠢ ᠪᠡᠯᠡ ᠤᠷᠤᠭᠤᠯᠤᠯᠳᠠ ᠶᠢ ᠠᠬᠢᠭᠤᠯᠤᠨ ᠨᠡᠮᠡᠭᠳᠡᠯ ᠢ ᠲᠤᠬᠳᠠᠪᠤᠷᠢᠵᠢᠭᠤᠯᠬᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ᠂ ᠰᠢᠨᠵᠢᠯᠡᠭᠡ ᠰᠤᠳᠤᠯᠭᠠᠨ ᠤ ᠰᠢᠨ᠎ᠠ ᠶᠢ ᠡᠭᠦᠳᠭᠦ ᠲᠦᠷᠢᠮ ᠢ ᠲᠦᠷᠭᠡᠳᠭᠡᠨ ᠨᠡᠶᠢᠳᠡᠪᠦᠷᠢᠵᠢᠭᠤᠯᠬᠤ ᠵᠡᠷᠭᠡ ᠠᠵᠢᠯ ᠢ ᠵᠤᠬᠢᠬᠤ ᠪᠠᠶᠢᠷᠢᠨ ᠳᠤ ᠨᠢ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠵᠦᠢᠯ ᠤᠨ ᠠᠵᠢᠯ ᠢ ᠰᠢᠨ᠎ᠠ ᠲᠦᠪᠰᠢᠨ ᠳᠤ ᠬᠦᠷᠭᠡᠭᠦᠯᠬᠦ ᠬᠡᠷᠡᠭᠳᠡᠢ ᠬᠡᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠲᠦᠪ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠳᠠ ᠶᠢᠨ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠠᠴᠠ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ ︽ᠲᠦᠷᠪᠡᠨ ᠤᠬᠠᠮᠰᠠᠷ︾ ᠢ ᠦᠢᠯᠡᠳᠦᠯᠭᠡᠵᠢᠭᠦᠯᠭᠦ ᠪᠠ ︽ᠬᠤᠶᠠᠷ ᠢ ᠡᠷᠡᠰ ᠬᠦᠷᠢᠶᠡᠯᠡᠬᠦ︾ ᠶᠢ ᠨᠡᠶᠢᠳᠡᠪᠦᠷᠢᠵᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠪᠡᠶ᠎ᠠ ᠪᠠᠷ ᠢᠶᠠᠨ ᠠᠳᠬᠤᠬᠤ ᠬᠡᠷᠡᠭᠳᠠᠢ᠂ ᠰᠠᠨᠠᠭᠠᠴᠢᠯᠠᠭ᠎ᠠ ᠡᠴᠠ‌‍ᠪᠠᠨ ᠴᠡᠭᠴᠡᠯᠡᠨ ᠰᠠᠶᠢᠵᠢᠷᠠᠭᠤᠯᠬᠤ ᠦᠭᠡᠢ᠂ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠦᠷᠦᠯᠴᠡᠭᠦ ᠦᠭᠡᠢ ᠪᠠᠶᠢᠪᠠᠯ ᠴᠢᠩᠭ᠎ᠠ ᠬᠠᠷᠢᠭᠤᠴᠠᠯᠭ᠎ᠠ ᠲᠤᠯᠭᠠᠵᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠬᠤ᠂ ᠦᠩᠭᠡᠨ ᠲᠡᠳᠦᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠬᠯᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠲᠡᠪᠴᠢᠬᠦ ᠬᠡᠷᠡᠭᠳᠡᠢ ᠭᠡᠵᠡᠢ᠃
     ᠬᠤᠷᠠᠯ ᠠᠴᠠ ᠵᠢᠭᠠᠭᠰᠠᠨ ᠨᠢ᠂ ᠵᠡᠮᠳᠡᠭᠴᠤᠳ ᠢ ᠬᠠᠯᠠᠮᠵᠢᠯᠠᠨ ᠬᠠᠶᠢᠷᠠᠯᠠᠬᠤ ᠪᠤᠯ ᠨᠡᠶᠢᠭᠡᠮ ᠤᠨ ᠪᠤᠯᠪᠠᠰᠤᠨ ᠤ ᠲᠠᠪᠰᠢᠯᠳᠠ ᠶᠢᠨ ᠴᠢᠬᠤᠯᠡ ᠪᠡᠯᠭᠡ ᠲᠡᠮᠳᠡᠭ ᠪᠤᠯᠬᠤ ᠪᠦᠭᠡᠳ ᠡᠯ᠎ᠠ ᠱᠠᠳᠤᠨ ᠤ ᠵᠠᠰᠠᠭ ᠤᠨ ᠤᠷᠳᠤᠨ ᠤ ᠲᠦᠯᠬᠢᠵᠤ ᠪᠤᠯᠤᠰᠢ ᠦᠭᠡᠢ ᠡᠭᠦᠷᠭᠡ ᠬᠠᠷᠢᠭᠤᠴᠠᠯᠭ᠎ᠠ ᠪᠤᠯᠤᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ ᠪᠠᠷᠢᠮᠳᠠᠯᠠᠨ᠂ ᠬᠠᠮᠳᠤ ᠪᠠᠷ ᠬᠦᠷᠲᠡᠬᠦ ᠬᠦᠭᠵᠢᠯᠳᠡ ᠶᠢᠨ ᠣᠨᠣᠯᠵᠢᠬᠤᠨ ᠢ ᠬᠦᠢᠴᠡᠳ ᠲᠤᠭᠤᠰᠢᠯᠠᠭᠤᠯᠵᠤ᠂ ᠵᠡᠮᠳᠡᠭ ᠬᠡᠤᠭᠡᠳ ᠢ ᠡᠷᠡᠭᠦᠯᠵᠢᠭᠦᠯᠭᠦ ᠲᠤᠰᠠᠯᠠᠬᠤ ᠲᠦᠷᠢᠮ ᠵᠡᠷᠭᠡ ᠪᠠᠳᠤᠯᠠᠭ᠎ᠠ ᠶᠢᠨ ᠠᠵᠢᠯ ᠢ ᠰᠠᠶᠢᠳᠤᠷ ᠨᠡᠶᠢᠳᠡᠪᠦᠷᠢᠵᠢᠭᠤᠯᠵᠤ᠂ ᠵᠡᠮᠳᠡᠭ ᠬᠡᠤᠭᠡᠳ ᠤᠨ ᠦᠰᠦᠨ ᠪᠤᠶᠢᠵᠢᠯᠳᠠ ᠳᠤ ᠰᠠᠶᠢᠨ ᠰᠠᠶᠢᠬᠠᠨ ᠤᠷᠴᠢᠨ ᠨᠦᠬᠦᠴᠡᠯ ᠬᠠᠩᠭᠠᠬᠤ ᠬᠡᠷᠡᠭᠳᠡᠢ ᠬᠡᠵᠠᠢ᠃
     ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ