ᠦᠢᠷ᠎ᠠ ᠶᠢᠨ ᠡᠳᠦᠷ᠂ ᠪᠦᠬᠦ ᠤᠯᠤᠰ ᠤᠨ ᠰᠢᠨ᠎ᠡ ᠲᠠᠷᠢᠶᠠᠴᠢᠨ ᠰᠢᠨ᠎ᠡ ᠮᠡᠷᠭᠡᠵᠢᠯ ᠤᠨ ᠦᠢᠯᠡᠰ ᠴᠣᠭᠴᠠᠯᠠᠵᠦ | ᠰᠢᠨ᠎ᠡ ᠶᠢ ᠡᠭᠦᠳᠬᠦ ᠦᠵᠡᠰᠬᠦᠯᠡᠩ ᠤᠨ ᠴᠤᠭᠯᠠᠭᠠᠨ ᠵᠢᠶᠠᠩᠰᠦ ᠮᠤᠵᠢ ᠶᠢᠨ ᠨᠠᠨᠵᠢᠩ ᠬᠤᠲᠠ ᠳᠤ ᠶᠠᠪᠤᠭᠳᠠᠵᠤ᠂ | ᠮᠠᠨ ᠤ ᠣᠷᠣᠨ ᠤ 39 ᠡᠷᠦᠬᠡ ᠡᠵᠡᠩᠨᠡᠯᠲᠡ ᠶᠢᠨ ᠪᠡᠶᠡᠴᠢ ᠴᠣᠭᠴᠠ ᠦᠶᠯᠡᠰ ᠴᠣᠭᠴᠠᠯᠠᠵᠤ ᠰᠢᠨ᠎ᠡ ᠶᠢ ᠡᠭᠦᠳᠬᠦ᠂ | ᠰᠢᠨ᠎ᠡ ᠲᠠᠷᠢᠶᠠᠴᠢᠨ᠂ ᠲᠠᠷᠢᠶᠠᠯᠠᠩ ᠬᠥᠳᠡᠭᠡ ᠲᠣᠰᠬᠤᠨ ᠤ ᠮᠡᠳᠡᠭᠡ ᠵᠠᠩᠭᠢᠴᠢᠯᠠᠯᠲᠠ ᠵᠡᠷᠭᠡ 3 ᠦᠵᠡᠭᠦᠯᠦᠯᠭᠡ ᠶᠢᠨ | ᠲᠣᠭᠤᠷᠢᠭ ᠲᠤ ᠣᠷᠤᠯᠴᠠᠵᠤ᠂ ᠮᠠᠨ ᠤ ᠣᠷᠣᠨ ᠤ ᠰᠢᠨ᠎ᠡ ᠲᠠᠷᠢᠶᠠᠴᠢᠳ ᠪᠠ ᠲᠠᠷᠢᠶᠠᠯᠠᠩ ᠮᠠᠯ ᠠᠵᠤ ᠠᠬᠤᠶ ᠶᠢᠨ | ᠰᠢᠨ᠎ᠡ ᠮᠡᠷᠭᠡᠵᠢᠯ᠂ ᠰᠢᠨ᠎ᠡ ᠪᠦᠲᠦᠬᠡᠭᠳᠡᠬᠦᠨ᠂ ᠰᠢᠨ᠎ᠡ ᠦᠷ᠎ᠡ ᠪᠦᠲᠦᠭᠡᠯ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ᠂ ᠰᠢᠨ᠎ᠡ ᠬᠡᠪ ᠵᠠᠭᠪᠤᠷ ᠢ ᠲᠥᠪᠯᠡᠷᠡᠭᠦᠯᠦᠨ ᠦᠵᠡᠭᠦᠯᠪᠡ᠃ | ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠢ ᠬᠥᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ᠂ ᠲᠥᠪ ᠤᠨ ᠰᠦᠯᠵᠢᠶᠡᠨ ᠤ ᠠᠮᠤᠷ ᠲᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠯᠪᠠᠨ ᠬᠡᠷ᠂ ᠵᠢᠶᠠᠩᠰᠦ | ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠪᠠᠷ ᠭᠤᠣᠯᠯᠠᠨ ᠡᠷᠬᠢᠯᠡᠪᠡ᠃ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ᠂ ᠬᠦᠯᠡᠮᠵᠢ ᠶᠢᠨ ᠬᠠᠮᠢᠶᠠᠷᠤᠯᠲᠠ ᠶᠢᠨ ᠲᠠᠷᠢᠶᠠᠯᠠᠩ ᠤᠨ ᠪᠣᠳᠠᠰᠯᠢᠭ ᠬᠤᠯᠪᠣᠭᠠᠲᠤ ᠰᠦᠯᠵᠢᠶᠡᠨ ᠤ | ᠰᠢᠰᠲ᠋ᠧᠮ᠂ ᠮᠠᠯ ᠠᠵᠤ ᠠᠬᠤᠢ ᠶᠢᠨ ᠲᠤᠮᠤ ᠳ᠋ᠠᠶᠢᠲ᠋ᠠ ᠶᠢᠨ ᠲᠠᠪᠴᠠᠩ ᠤᠨ ᠰᠢᠶᠳᠪᠦᠷᠢᠯᠡᠬᠦ ᠲᠥᠰᠦᠯ᠂ ᠮᠠᠯ ᠤᠨ | ᠤᠶᠤᠨᠲᠤ ᠤᠰᠤᠯᠠᠭᠤᠷ ᠬᠢᠵᠢᠭ ᠡᠪᠡᠳᠴᠢᠨ ᠢ ᠬᠢᠨᠠᠨ ᠬᠡᠮᠵᠢᠬᠦ ᠰᠢᠰᠲ᠋ᠧᠮ᠂ ᠣᠶᠤᠨᠯᠢᠭ ᠲᠠᠷᠢᠶᠠᠯᠠᠩ ᠤᠨ ᠮᠡᠳᠡᠭᠡ | ᠵᠠᠩᠭᠢ ᠶᠢ ᠴᠤᠭᠯᠠᠭᠤᠯᠤᠨ ᠡᠵᠡᠮᠳᠡᠬᠦ ᠰᠢᠰᠲ᠋ᠧᠮ᠂ ᠬᠢᠩᠭᠠᠨ ᠠᠶᠢᠮᠠᠭ ᠤᠨ 20 ᠲᠦᠮᠡᠨ ᠮᠥ ᠤᠰᠤᠨ | ᠲᠤᠲᠤᠷᠭ᠎ᠠ ᠶᠢᠨ ᠣᠶᠤᠨᠴᠢ ᠲᠠᠷᠢᠶᠠᠯᠠᠩ ᠵᠡᠷᠭᠡ ᠨᠢ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ | ᠵᠠᠩᠭᠢᠴᠢᠯᠠᠯᠲᠠ ᠶᠢᠨ ᠦᠷ᠎ᠡ ᠪᠦᠲᠦᠭᠡᠯ ᠢ ᠭᠦᠢᠴᠡᠳ ᠬᠠᠷᠠᠭᠤᠯᠪᠠ᠃ ᠥᠪᠥᠷ ᠮᠣᠩᠭᠤᠯ ᠤᠨ ᠥᠪᠡᠷᠮᠢᠴᠡ ᠣᠨᠴᠠᠯᠢᠭ | ᠲᠠᠢ ᠪᠤᠭᠤᠳᠠᠢ ᠶᠢᠨ ᠰᠦᠷᠡᠯ ᠤᠨ ᠵᠢᠷᠤᠭ᠂ ᠠᠷᠠᠰᠤᠨ ᠵᠢᠷᠤᠭ᠂ ᠦᠢᠰᠦᠠ ᠵᠢᠷᠤᠭ᠂ ᠱᠦᠭᠦᠷ ᠤᠨ ᠭᠠᠷ ᠤᠷᠠᠯᠠᠯ᠂ | ᠬᠤᠨᠢᠨ ᠥᠭᠡᠬᠦ ᠶᠢᠨ ᠰᠠᠪᠤᠩ᠂ ᠡᠯᠵᠢᠭᠡᠨ ᠰᠦᠨ ᠲᠠᠯᠬ᠎ᠠ ᠵᠡᠷᠭᠡ ᠰᠣᠳᠣᠨ ᠪᠦᠲᠦᠭᠡᠯ ᠤᠳ ᠢᠯᠡᠷᠡᠵᠦ᠂ ᠰᠦ᠂ | ᠮᠢᠬ᠎ᠠ᠂ ᠠᠮᠤ ᠳᠤᠰᠤ ᠵᠡᠷᠭᠡ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠥᠷᠲᠡᠭᠡᠨ ᠰᠢᠨ᠎ᠡ ᠡᠭᠦᠳᠦᠯᠲᠡ ᠶᠢᠨ | ᠴᠢᠨᠠᠷᠲᠠᠶ ᠪᠦᠲᠦᠬᠡᠭᠳᠡᠬᠦᠨ ᠨᠢ ᠣᠯᠠᠨ ᠤ ᠠᠩᠬᠠᠷᠤᠯ ᠢ ᠲᠠᠲᠠᠪᠠ᠃ ᠮᠠᠨ ᠤ ᠣᠷᠣᠨ ᠤ 14 ᠬᠤᠷᠰᠢᠶᠠᠵᠢᠯ ᠪᠣᠯᠣᠨ | 5 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠥᠯᠥᠭᠡᠯᠡᠭᠴᠢᠳ ᠪᠠᠰᠠ ᠲᠡᠳᠡᠨ ᠤ ᠨᠡᠶᠢᠲᠡᠯᠢᠭ ᠵᠢᠱᠢᠶ᠎ᠡ | ᠪᠦᠬᠦᠢ ᠠᠷᠭ᠎ᠠ ᠪᠠᠷᠢᠯ᠂ ᠬᠥᠭᠵᠢᠯᠲᠡ ᠶᠢᠨ ᠬᠡᠪ ᠵᠠᠭᠪᠤᠷ ᠵᠢᠴᠢ ᠣᠯᠤᠭᠰᠠᠨ ᠦᠷ᠎ᠡ ᠪᠦᠲᠦᠮᠵᠢ ᠪᠠᠨ ᠲᠤᠬᠠᠢ ᠶᠢᠨ | ᠳᠠᠯᠠᠪᠠᠢ ᠳᠤ ᠨᠢ ᠳᠡᠯᠭᠡᠨ ᠦᠵᠡᠭᠦᠯᠪᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠬᠤᠷᠰᠢᠶᠠᠵᠢᠯ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢᠶᠠᠷ ᠭᠤᠣᠯ ᠪᠣᠯᠭᠠᠭᠰᠠᠨ ᠦᠶᠯᠡᠰ | ᠴᠣᠭᠴᠠᠯᠠᠵᠤ ᠰᠢᠨ᠎ᠡ ᠶᠢ ᠡᠭᠦᠳᠬᠦ ᠡᠵᠡᠩᠨᠡᠯᠲᠡ ᠶᠢᠨ ᠪᠡᠶᠡᠴᠢ ᠴᠣᠭᠴᠠ ᠶᠢ ᠢᠳᠡᠪᠬᠢᠲᠡᠶ ᠪᠠᠷ ᠲᠡᠳᠬᠦᠨ ᠬᠥᠲᠥᠯᠥᠨ | ᠵᠢᠯᠣᠭᠤᠳᠴᠤ᠂ ᠡᠵᠡᠩᠨᠡᠯᠲᠡ ᠶᠢᠨ ᠠᠵᠤ ᠦᠢᠯᠡᠰ ᠢ ᠲᠠᠷᠢᠬᠤ᠂ ᠲᠡᠵᠢᠭᠡᠬᠦ᠂ ᠡᠳ᠋ᠰᠢᠭᠦᠯᠬᠦ᠂ ᠪᠣᠷᠣᠯᠠᠭᠤᠯᠬᠤ ᠵᠡᠷᠭᠡ | ᠲᠠᠷᠢᠶᠠᠯᠠᠩ ᠮᠠᠯ ᠠᠵᠤ ᠠᠬᠤᠶ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠬᠠᠮᠤᠷᠤᠭᠤᠯᠤᠭᠰᠠᠨ ᠪᠦᠭᠡᠳ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠦᠢᠯᠡᠴᠢᠯᠡᠭᠡ᠂ ᠠᠷᠠᠳ ᠤᠨ ᠭᠠᠷ ᠤᠷᠠᠯᠠᠯ᠂ ᠵᠢᠭᠤᠯᠴᠢᠯᠠᠯ | ᠰᠡᠯᠡᠭᠦᠴᠡᠯ ᠪᠣᠯᠣᠨ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠤᠯᠠᠨ ᠬᠦᠷᠢᠶ᠎ᠡ ᠣᠯᠠᠨ ᠡᠵᠡᠩᠨᠡᠯᠲᠡ ᠶᠢᠨ | ᠪᠠᠶᠢᠳᠠᠯ ᠳᠤ ᠬᠦᠷᠲᠡᠯ᠎ᠡ ᠥᠷᠭᠡᠳᠬᠡᠵᠡᠢ᠃ ᠣᠳᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠮᠠᠯᠵᠢᠬᠤ | ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠤᠲᠤ ᠶᠠᠭ ᠲᠠᠰᠤᠷᠠᠯᠲᠠ | ᠦᠭᠡᠢ ᠬᠥᠭᠵᠢᠵᠦ ᠪᠠᠶᠢᠨ᠎ᠠ᠃ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠭᠡ ᠶᠢ ᠣᠳᠣ ᠶᠠᠭ ᠪᠦᠬᠦ | ᠣᠷᠣᠨ ᠳᠤ ᠥᠷᠭᠡᠨ ᠢᠶᠠᠷ ᠳᠡᠯᠭᠡᠷᠡᠭᠦᠯᠵᠦ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠣᠮᠣ ᠳ᠋ᠠᠶᠢᠲ᠋ᠠ᠂ ᠣᠷᠣᠨ | ᠵᠠᠢ ᠶᠢᠨ ᠮᠡᠳᠡᠭᠡ ᠵᠠᠩᠭᠢ᠂ ᠬᠢᠮᠡᠯ ᠤᠶᠤᠨ᠂ ᠲᠠᠷᠢᠶᠠᠯᠠᠩ ᠤᠨ ᠮᠠᠰᠢᠨ ᠬᠥᠮᠦᠨ ᠵᠡᠷᠭᠡ ᠣᠳᠣᠬᠢᠴᠢᠯᠠᠭᠰᠠᠨ | ᠮᠡᠷᠭᠡᠵᠢᠯ ᠤᠨ ᠲᠣᠨᠤᠭ ᠲᠥᠬᠦᠭᠡᠷᠦᠮᠵᠢ ᠨᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ᠂ ᠡᠵᠡᠩᠨᠡᠯᠲᠡ᠂ | ᠬᠠᠮᠢᠶᠠᠷᠤᠯᠲᠠ᠂ ᠦᠢᠯᠡᠴᠢᠯᠡᠭᠡ ᠳᠤ ᠡᠳᠦᠷ ᠢᠷᠡᠬᠦᠶ᠎ᠡ ᠣᠯᠠᠰᠢᠷᠠᠵᠤ ᠪᠠᠶᠢᠨ᠎ᠠ︔ ᠮᠠᠨ ᠤ ᠣᠷᠣᠨ ᠤ ᠲᠣᠭᠠᠴᠢᠯᠠᠭᠰᠠᠨ | ᠬᠥᠳᠡᠭᠡ ᠲᠣᠰᠬᠤᠨ ᠨᠢ ᠶᠠᠭ ᠥᠷᠨᠢᠨ ᠬᠥᠭᠵᠢᠵᠦ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ | ᠡᠬᠢ ᠪᠠᠶᠠᠯᠢᠭ ᠤᠨ ᠣᠷᠴᠢᠨ ᠲᠣᠭᠤᠷᠢᠨ ᠪᠠ ᠬᠥᠮᠦᠨ ᠰᠣᠶᠣᠯ ᠤᠨ ᠲᠡᠦᠬᠡ ᠳᠤ ᠰᠠᠭᠤᠷᠢᠯᠠᠵᠤ᠂ ᠦᠢᠯᠡᠳᠪᠦᠷᠢᠯᠡᠯ᠂ | ᠠᠮᠢᠳᠤᠷᠠᠯ᠂ ᠣᠷᠴᠢᠨ ᠠᠬᠤᠢ ᠶᠢ ᠠᠭᠤᠰᠤᠯᠴᠠᠨ᠂ ᠰᠣᠶᠣᠯ᠂ ᠠᠵᠤ ᠦᠢᠯᠡᠰ ᠪᠣᠯᠤᠨ ᠵᠢᠭᠤᠯᠴᠢᠯᠠᠯ ᠲᠠᠢ | ᠤᠶᠠᠯᠳᠤᠵᠦ᠂ ᠲᠣᠭᠠᠴᠢᠯᠲᠠ ᠪᠠ ᠢᠨᠲ᠋ᠧᠷ ᠰᠦᠯᠵᠢᠶᠡᠨ ᠤ ᠪᠠᠭ᠎ᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ | ᠬᠥᠭᠵᠢᠭᠦᠯᠦᠭᠰᠡᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠡᠪ ᠵᠠᠭᠪᠤᠷ ᠨᠢ ᠢᠯᠡᠳᠲᠡ | ᠦᠷ᠎ᠡ ᠪᠦᠲᠦᠮᠵᠢ ᠣᠯᠵᠤ᠂ ᠪᠦᠬᠦ ᠣᠷᠣᠨ ᠤ ᠡᠯ᠎ᠡ ᠭᠠᠵᠠᠷ ᠤᠨ ᠲᠥᠪ ᠬᠤᠳᠠ ᠶᠢᠨ ᠤᠳᠤ ᠦᠶ᠎ᠡ ᠶᠢᠨ ᠲᠠᠷᠢᠶᠠᠯᠠᠩ | ᠮᠠᠯ ᠠᠵᠤ ᠠᠬᠤᠶ ᠥᠷᠨᠢᠩᠭᠦᠶ ᠬᠥᠭᠵᠢᠵᠦ ᠪᠠᠶᠢᠨ᠎ᠠ᠃ |