ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ 2018 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/11/21
     11 ᠳ᠋ᠦ᠋ᠭᠡᠷ ᠰᠠᠷ᠎ᠠ ᠶᠢᠨ 19᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ︽13 · 5︾᠎ ᠶᠢᠨ ᠲᠦᠯᠦᠪᠵᠢᠭᠦᠯᠭᠡ ᠶᠢᠨ ᠬᠦᠳᠦᠯᠪᠦᠷᠢ ᠶᠢ ᠬᠡᠷᠡᠭᠵᠢᠭᠦᠯᠦᠭᠰᠡᠨ ᠲᠤᠮᠳᠠ ᠬᠤᠭᠤᠴᠠᠭᠠᠨ ᠤ ᠦᠨᠡᠯᠡᠯᠳᠡ ᠶᠢᠨ ᠮᠡᠳᠡᠭᠦᠯᠦᠯᠳᠡ ᠵᠡᠷᠭᠡ ᠵᠦᠢᠯᠡᠰ ᠢ ᠰᠤᠳᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽13 · 5︾᠎ ᠶᠢᠨ ᠲᠦᠯᠦᠪᠵᠢᠭᠦᠯᠭᠡ ᠶᠢᠨ ᠬᠦᠳᠦᠯᠪᠦᠷᠢ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠤᠷᠤᠨ ᠤ ᠠᠵᠤ ᠠᠬᠤᠢ ᠶᠢᠨ ᠬᠦᠭᠵᠢᠯᠳᠡ ᠶᠡᠷᠦᠩᠬᠡᠢ ᠳᠤ ᠪᠠᠨ ᠲᠤᠬᠳᠠᠭᠤᠨ ᠪᠠᠶᠢᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠵᠠᠢ᠃ ᠲᠦᠪ ᠤᠨ ᠰᠢᠨ᠎ᠠ ᠱᠠᠭᠠᠷᠳᠠᠯᠭ᠎ᠠ ᠪᠤᠯᠤᠨ ᠠᠵᠤ ᠠᠬᠤᠢ ᠶᠢᠨ ᠪᠠᠶᠢᠳᠠᠯ ᠤᠨ ᠰᠢᠨ᠎ᠠ ᠬᠤᠪᠢᠷᠠᠯᠳᠠ ᠶᠢ ᠦᠨᠳᠦᠰᠦᠯᠡᠪᠡᠯ᠂ ︽13 · 5︾᠎ ᠶᠢᠨ ᠲᠦᠯᠦᠪᠵᠢᠭᠦᠯᠭᠡ ᠶᠢᠨ ᠬᠦᠳᠦᠯᠪᠤᠷᠢ ᠳᠤ ᠵᠤᠬᠢᠬᠤ ᠲᠤᠬᠢᠷᠠᠭᠤᠯᠤᠯᠳᠠ ᠬᠢᠭᠦ ᠴᠢᠬᠤᠯᠠᠳᠠᠢ ᠪᠤᠯᠵᠠᠢ᠂ ᠬᠠᠮᠢᠶ᠎ᠠ ᠪᠦᠬᠦᠢ ᠠᠭᠤᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠱᠠᠭᠠᠷᠳᠠᠯᠭ᠎ᠠ ᠪᠠ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠷᠬᠡᠪᠰᠢ ᠬᠦᠭᠵᠢᠯᠳᠡ ᠶᠢᠨ ᠣᠨᠣᠯᠵᠢᠬᠤᠨ᠂ ᠠᠷᠭ᠎ᠠ ᠵᠠᠮ ᠳᠤ ᠲᠦᠰᠢᠭᠯᠡᠭᠦ ᠵᠡᠷᠭᠡ ᠠᠰᠠᠭᠤᠳᠠᠯ ᠎ ᠢ ᠰᠢᠢᠳᠪᠦᠷᠢᠯᠡᠭᠦ ᠳᠤ ᠠᠩᠬᠠᠷᠤᠯ ᠢᠶᠠᠨ ᠲᠦᠪᠯᠡᠷᠡᠭᠦᠯᠭᠦ ᠬᠡᠷᠡᠭᠳᠡᠢ᠃ ︽ᠵᠢᠷᠭᠤᠭᠠᠨ ᠲᠤᠬᠳᠠᠭᠤᠨ︾᠎ ᠤ ᠱᠠᠭᠠᠷᠳᠠᠯᠭ᠎ᠠ ᠶᠢ ᠰᠠᠶᠢᠳᠤᠷ ᠨᠡᠶᠢᠳᠡᠪᠦᠷᠢᠵᠢᠭᠤᠯᠵᠤ᠂ ᠲᠤᠳᠠᠭᠤᠳᠠᠯ ᠢᠶᠠᠨ ᠨᠦᠬᠦᠪᠦᠷᠢᠯᠡᠭᠦ᠂ ᠪᠠᠭᠤᠷᠠᠢ ᠲᠠᠯ᠎ᠠ ᠶᠢ ᠬᠦᠴᠦᠷᠭᠡᠭᠵᠢᠭᠦᠯᠭᠦ ᠶᠢ ᠲᠤᠪᠤᠶᠢᠯᠭᠠᠵᠤ᠂ ᠭᠤᠷᠪᠠᠨ ᠶᠡᠭᠡ ᠰᠢᠪᠲᠤᠯᠤᠯᠲᠠ ᠶᠢ ᠬᠦᠴᠦᠯᠡᠨ ᠰᠠᠶᠢᠳᠤᠷ ᠬᠢᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠲᠤᠮᠳᠠᠬᠢ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠠᠵᠢᠯ ᠤᠨ ᠶᠡᠷᠦᠩᠬᠡᠶᠢᠯᠡᠨ ᠵᠢᠯᠤᠭᠤᠳᠬᠤ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠠ ᠶᠢ ᠡᠭᠦᠳᠭᠦ ᠶᠢ ᠬᠦᠭᠵᠢᠯᠳᠡ ᠶᠢᠨ ᠪᠦᠬᠦ ᠲᠠᠯ᠎ᠠ ᠶᠢᠨ ᠭᠤᠤᠯᠯᠠᠬᠤ ᠪᠠᠶᠢᠷᠢ ᠳᠤ ᠲᠠᠯᠪᠢᠬᠤ ᠬᠡᠷᠡᠭᠳᠡᠢ᠃ ᠡᠨᠡ ᠤᠳᠠᠭᠠᠨ ᠤ ᠲᠤᠮᠳᠠ ᠬᠤᠭᠤᠴᠠᠭᠠᠨ ᠤ ᠦᠨᠡᠯᠡᠯᠳᠡ ᠪᠠ ᠲᠤᠬᠢᠷᠠᠭᠤᠯᠤᠯᠳᠠ ᠪᠠᠷ ᠲᠡᠮᠵᠢᠭᠤᠯᠵᠤ᠂ ᠰᠢᠨ᠎ᠠ ᠬᠦᠭᠵᠢᠯᠳᠡ ᠶᠢᠨ ᠣᠨᠣᠯᠵᠢᠬᠤᠨ ᠪᠠ ᠴᠢᠨᠠᠷ ᠰᠠᠶᠢᠳᠠᠢ ᠬᠦᠭᠵᠢᠯᠳᠡ ᠶᠢᠨ ᠢᠯᠡ ᠲᠤᠳᠤ ᠤᠳᠤᠷᠢᠳᠤᠮᠵᠢ ᠶᠢ ᠤᠯᠠᠮ ᠴᠢᠨᠠᠬᠰᠢᠳᠠ ᠪᠤᠢ ᠪᠤᠯᠭᠠᠵᠤ᠂ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠬᠤ ᠬᠡᠷᠡᠭᠳᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠢᠮ ᠢ ᠲᠤᠬᠳᠠᠭᠠᠬᠤ ᠨᠢ ᠠᠷᠠᠳ ᠤᠯᠠᠨ ᠤ ᠡᠨᠧᠷᠬᠢ ᠶᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠭᠦ᠂ ᠡᠨᠧᠷᠬᠢ ᠶᠢᠨ ᠠᠰᠢᠬᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠭᠦ᠂ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠬᠤ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ ᠭᠡᠵᠡᠢ᠃      ᠬᠤᠷᠠᠯ ᠠᠴᠠ ᠪᠠᠰᠠ ᠦᠪᠡᠷᠳᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠬᠠᠮᠢᠶᠠᠷᠤᠯᠳᠠ ᠶᠢᠨ ᠠᠷᠭ᠎ᠠ᠂ ᠦᠪᠡᠷᠳᠡᠭᠡᠨ ᠵᠠᠰᠠᠬᠤ ᠤᠷᠤᠨ ᠤ ᠨᠤᠭᠤ ᠭᠠᠵᠠᠷ ᠤᠨ ᠬᠠᠮᠠᠭᠠᠯᠠᠯᠳᠠ ᠶᠢᠨ ᠲᠦᠷᠢᠮ ᠵᠡᠷᠭᠡ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠤᠬᠰᠠᠨ ᠲᠦᠰᠦᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号