ᠬᠥᠯᠥᠨ ᠪᠤᠶᠢᠷ ᠬᠤᠲᠠ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠬᠤᠶᠠᠷ ᠢ ᠬᠡᠯᠲᠦᠷᠢᠭᠦᠯᠬᠦ︾ ᠪᠡᠯᠡ ᠮᠥᠩᠭᠦ ᠶᠢ ᠪᠦᠬᠦᠨ ᠢ ᠰᠠᠯᠭᠠᠨ ᠦᠭᠴᠡᠢ
ᠨᠡᠶᠢᠲᠡᠯᠡᠭᠰᠡᠨ ᠴᠠᠭ᠄
2018/11/21
     ᠤᠷᠴᠢᠮᠬᠠᠨ᠂ ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2018 ᠣᠨ ᠤ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ ᠬᠠᠩᠭᠠᠬᠤ ᠨᠥᠬᠦᠪᠥᠷᠢ ᠵᠠᠷᠤᠳᠠᠯ ᠢ ᠪᠦᠬᠦᠨ ᠢ ᠪᠠᠭᠤᠯᠭᠠᠵᠤ ᠳᠠᠭᠤᠰᠪᠠ᠃ ᠪᠦᠬᠦ ᠵᠢᠯ ᠳᠤ ᠨᠡᠶᠢᠲᠡ 4454 ᠲᠦᠮᠡᠨ ᠲᠥᠭᠦᠷᠢᠭ ᠪᠡᠯᠡ ᠮᠥᠩᠭᠦ ᠰᠠᠯᠭᠠᠨ ᠦᠭᠴᠡᠢ᠂ ᠡᠭᠦᠨ ᠳᠤ᠄ ᠲᠥᠪ ᠤᠨ ᠪᠡᠯᠡ ᠮᠥᠩᠭᠦ308 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 3535 ᠲᠦᠮᠡᠨ ᠲᠥᠭᠦᠷᠢᠭ᠂ ᠬᠤᠲᠠ ᠶᠢᠨ ᠲᠣᠰ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ 611 ᠲᠦᠮᠡᠨ ᠲᠥᠭᠦᠷᠢᠭ ᠪᠠᠶᠢᠨ᠎ᠠ᠃ ᠪᠥᠬᠦ ᠬᠤᠲᠠ ᠶᠢᠨ 9 ᠬᠤᠰᠢᠭᠤ ᠰᠢᠶᠠᠨ ᠬᠤᠳᠠ ᠲᠣᠭᠤᠷᠢᠭ ᠪᠣᠯᠤᠨ ᠬᠤᠲᠠ ᠶᠢᠨ ᠲᠣᠰ ᠱᠠᠲᠤᠨ ᠤ 3 ᠰᠤᠷᠭᠠᠭᠤᠯᠢ᠂ 29578 ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠳᠤ ᠠᠰᠢᠭ ᠬᠦᠷᠲᠡᠭᠡᠪᠡ᠃ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠬᠤᠶᠠᠷ ᠢ ᠬᠡᠯᠲᠦᠷᠢᠭᠦᠯᠬᠦ︾ ᠲᠤᠰᠠᠯᠠᠮᠵᠢ ᠦᠵᠡᠭᠦᠯᠬᠦ ᠳᠦᠷᠢᠮ ᠤᠨ ᠨᠠᠶᠢᠳᠠᠪᠤᠷᠢᠵᠢᠭᠤᠯᠤᠯᠲᠠ ᠨᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠲᠦᠭᠡᠮᠡᠯᠵᠢᠯ ᠤᠨ ᠨᠣᠷᠮ᠎ᠠ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠢ ᠡᠷᠬᠡ ᠲᠡᠭᠰᠢ ᠪᠠᠶᠢᠯᠭᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号